ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ ᠶᠢᠨ ᠭᠠᠷᠭᠠᠭᠰᠠᠨ ᠰᠢᠷᠢᠰ ᠬᠠᠮ ᠵᠠᠭᠤᠴᠢᠯᠠᠭᠤᠷ ᠤᠨ ᠰᠢᠭᠤᠳ ᠨᠡᠪᠲᠡᠷᠡᠭᠦᠯᠭᠡ ᠶᠢᠨ ᠣᠨᠴᠠᠭᠠᠶ | ᠫᠷᠤᠭ᠍ᠷᠠᠮ ︽ᠡᠷᠡᠯᠬᠡᠭᠯᠡᠨ ᠤᠷᠤᠭᠰᠢᠯᠠᠵᠤ ᠤᠯᠤᠰ ᠢᠶᠠᠨ ᠬᠦᠴᠦᠷᠬᠡᠭᠵᠢᠭᠦᠯᠬᠦ ᠵᠠᠮ ᠢᠶᠠᠷ ᠥᠷᠭᠡᠨ ᠠᠯᠬᠤᠭ᠎ᠠ ᠰᠢᠨ᠎ᠡ ᠠᠶᠠᠨ - ᠪᠥᠬᠦᠳᠡ ᠨᠠᠶᠢᠷᠠᠮᠳᠠᠬᠤ ᠤᠯᠤᠰ ᠤᠨ | ᠲᠣᠭᠤᠷᠢᠨ ᠴᠠᠭᠳᠠᠬᠤ ᠶᠣᠰᠣᠯᠠᠯ︾᠂ 9 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨᠡᠬᠢ 10 ᠴᠠᠭ ᠲᠤ ᠥᠪᠥᠷ ᠮᠣᠩᠭᠤᠯ ᠤᠨ ᠬᠠᠭᠤᠳᠠᠰᠤ ᠶᠢ | ᠨᠡᠪᠲᠡᠷᠡᠭᠦᠯᠵᠦ᠂ ᠮᠠᠨ ᠤ ᠬᠤᠲᠠ ᠶᠢᠨ ᠳ᠋ᠧᠩᠺᠸᠦ ᠰᠢᠶᠠᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ᠂ ᠦᠶᠤᠸᠠᠨ ᠰᠢᠶᠠᠨ ᠤ ᠨᠡᠷᠡᠨ ᠬᠤᠸᠠᠷ ᠤᠨ ᠦᠷ᠎ᠡ ᠶᠢ | ᠰᠤᠳᠤᠯᠤᠨ ᠨᠡᠭᠡᠭᠡᠬᠦ ᠵᠡᠷᠭᠡ ᠨᠡᠶᠢᠲᠡᠯᠢᠭ ᠲᠤᠷᠰᠢᠯᠭ᠎ᠠ ᠠᠷᠭ᠎ᠠ ᠪᠠᠷᠢᠯ ᠳᠤ ᠠᠩᠬᠠᠷᠤᠯ ᠢᠶᠠᠨ ᠲᠥᠪᠯᠡᠷᠡᠭᠦᠯᠪᠡ᠃ | ᠳ᠋ᠧᠩᠺᠸᠤ ᠰᠢᠶᠠᠨ ᠤ ᠲᠤᠬᠠᠢ ᠫᠷᠤᠭ᠍ᠷᠠᠮ ᠳᠤ ᠦᠶ᠎ᠡ ᠦᠶ᠎ᠡ ᠶᠢᠨ ᠡᠯᠡᠰᠦ ᠶᠢ ᠵᠠᠰᠠᠬᠤ ᠬᠥᠮᠦᠨ ᠤ ᠪᠤᠤᠬᠢᠶ᠎ᠠ ᠲᠡᠮᠡᠴᠡᠯ ᠤᠨ ᠲᠤᠬᠠᠢ ᠶᠠᠷᠢᠵᠤ᠂ ᠡᠯᠡᠰᠦᠷᠬᠡᠭ | ᠣᠷᠣᠨ ᠤ ᠤᠢ ᠰᠢᠭᠤᠢ ᠡᠪᠡᠰᠦ ᠪᠡᠯᠴᠢᠭᠡᠷ ᠤᠨ ᠪᠦᠷᠬᠦᠴᠡ ᠥᠩᠭᠡᠷᠡᠭᠰᠡᠨ ᠤ 0.04% ᠪᠠᠶᠢᠭᠰᠠᠨ ᠠᠴᠠ ᠪᠠᠨ 37.2% ᠪᠣᠯᠤᠨ ᠳᠡᠭᠡᠭᠰᠢᠯᠡᠵᠦ᠂ ᠬᠦᠨᠳᠦ | ᠡᠯᠡᠰᠦᠷᠬᠡᠭ ᠭᠠᠵᠠᠷ ᠰᠢᠷᠣᠢ 78% ᠪᠠᠷ ᠪᠠᠭᠠᠰᠴᠤ᠂ 210 ᠲᠦᠮᠡᠨ ᠮᠦ ᠤᠯᠠᠭᠠᠨᠪᠤᠬ᠎ᠠ ᠶᠢᠨ ᠡᠯᠡᠰᠦ ᠨᠣᠭᠤᠭᠠᠨ ᠬᠤᠪᠴᠠᠰᠤ ᠡᠮᠦᠰᠦᠭᠰᠡᠨ ᠦᠯᠢᠭᠡᠷ ᠢ ᠶᠠᠷᠢᠪᠠ᠃ | ᠦᠶᠤᠸᠠᠨ ᠰᠢᠶᠠᠨ ᠤ ᠫᠷᠤᠭ᠍ᠷᠠᠮ ᠳᠤ᠂ ᠠᠳᠡ ᠪᠥᠬᠦ ᠤᠯᠤᠰ ᠤᠨ ᠬᠠᠮᠤᠭ ᠤᠨ ᠶᠡᠭᠡ ᠨᠡᠷᠡᠨ ᠬᠤᠸᠠᠷ ᠤᠨ ᠦᠷ᠎ᠡ ᠶᠢᠨ ᠡᠬᠢ ᠪᠠᠶᠠᠯᠢᠭ ᠤᠨ ᠬᠥᠮᠥᠷᠭᠡ ᠶᠢ | ᠪᠠᠶᠢᠭᠤᠯᠵᠤ᠂ 5600 ᠭᠠᠷᠤᠶ ᠮᠠᠲ᠋ᠧᠷᠢᠶᠠᠯ ᠬᠠᠳᠠᠭᠠᠯᠠᠵᠤ᠂ SH363 ᠵᠡᠷᠭᠡ ᠪᠡᠶ᠎ᠡ ᠪᠠᠨ ᠳᠠᠭᠠᠭᠠᠵᠤ ᠰᠤᠳᠤᠯᠤᠨ ᠦᠢᠯᠡᠳᠦᠭᠰᠡᠨ ᠨᠡᠷᠡᠨ ᠬᠤᠸᠠᠷ ᠤᠨ | ᠡᠷᠯᠢᠰᠡᠵᠢᠭᠦᠯᠦᠭᠰᠡᠨ ᠡᠭᠦᠯᠳᠡᠷ ᠨᠢ ᠨᠢᠭᠡᠨᠲᠡ ᠭᠤᠤᠯ ᠬᠦᠴᠦᠨ ᠴᠡᠷᠢᠭ ᠪᠣᠯᠵᠣ᠂ ᠦᠷ᠎ᠡ ᠶᠢᠨ ᠥᠪᠡᠷ ᠤᠨ ᠥᠷᠲᠡᠭ ᠢ 50% ᠪᠠᠷ ᠪᠠᠭᠤᠷᠠᠭᠤᠯᠵᠤ᠂ ᠦᠷ᠎ᠡ ᠶᠢᠨ | ᠬᠤᠪᠢᠷᠠᠯᠲᠠ ᠠᠴᠠ ᠠᠰᠢᠭ ᠭᠥᠷᠳᠡᠵᠦ᠂ ᠮᠠᠨ ᠤ ᠤᠯᠤᠰ ᠤᠨ ᠢᠳᠡᠰᠢᠨ ᠤ ᠨᠡᠷᠡᠨ ᠬᠤᠸᠠᠷ ᠤᠨ ᠡᠷᠯᠢᠰᠡ ᠡᠭᠦᠯᠳᠡᠷ ᠨᠢ ᠤᠯᠤᠰ ᠤᠨ ᠳᠣᠲᠣᠭᠠᠳᠤ ᠶᠢᠨ ᠡᠭᠦᠯᠳᠡᠷ ᠤᠨ | ᠵᠠᠬ᠎ᠠ ᠳᠡᠯᠭᠡᠭᠦᠷ ᠢ ᠡᠵᠡᠯᠡᠬᠦ 95% ᠠᠴᠠ ᠤᠯᠤᠰ ᠤᠨ ᠳᠣᠲᠣᠭᠠᠳᠤ ᠶᠢᠨ ᠡᠭᠦᠯᠳᠡᠷ ᠤᠨ ᠵᠠᠬ᠎ᠠ ᠳᠡᠯᠭᠡᠭᠦᠷ ᠢ ᠡᠵᠡᠯᠡᠬᠦ ᠬᠦᠷᠲᠡᠯᠡᠬᠢ ᠯᠤᠲᠤ ᠶᠡᠭᠡ ᠬᠤᠪᠢᠷᠠᠯᠲᠠ ᠶᠢ | ᠪᠡᠶᠡᠯᠡᠭᠦᠯᠵᠡᠶ᠃ | ᠰᠢᠭᠤᠳ ᠨᠡᠪᠲᠡᠷᠡᠭᠦᠯᠭᠡ ᠳᠤ᠂ ᠪᠠᠰᠠ ᠤᠳᠬ᠎ᠠ ᠤᠷᠠᠯᠢᠭ ᠤᠨ ᠠᠵᠢᠯᠲᠠᠨ ᠬᠦᠰᠡᠯᠡᠩ ᠤᠷᠠᠯᠢᠭ ᠤᠨ ᠦᠭᠡ ᠬᠡᠯᠡ ᠪᠠᠷ ᠤᠯᠠᠭᠠᠨᠰᠤᠬᠠᠢ ᠶᠢᠨ ᠰᠢᠨ᠎ᠡ ᠭᠡᠷᠡᠯ | ᠭᠢᠯᠪᠠᠭ᠎ᠠ ᠪᠠᠨ ᠰᠠᠴᠤᠷᠠᠭᠤᠯᠤᠭᠰᠠᠨ ᠦᠯᠢᠭᠡᠷ ᠢ ᠶᠠᠷᠢᠵᠠᠶ᠃ ᠲᠩᠷᠢ ᠨᠢ ᠴᠡᠯᠮᠡᠭ ᠤᠰᠤ ᠨᠢ ᠲᠤᠩᠭᠠᠯᠠᠭ᠂ ᠰᠢᠪᠠᠭᠤ ᠨᠢ ᠬᠠᠯᠢᠨ ᠱᠤᠩ ᠲᠠᠢ ᠭᠤᠶᠢᠳᠠ ᠰᠠᠶᠢᠬᠠᠨ | ᠵᠢᠷᠤᠭ ᠤᠳ ᠨᠢ ᠮᠠᠨ ᠤ ᠬᠤᠲᠠ ᠶᠢᠨ ᠤᠯᠠᠭᠠᠨᠰᠤᠬᠠᠢ ᠶᠢᠨ ᠰᠠᠪᠠ ᠭᠠᠵᠠᠷ ᠤᠨ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ | ᠡᠯᠡᠰᠦ ᠮᠠᠩᠬ᠎ᠠ ᠶᠢ ᠠᠮᠢ ᠨᠠᠰᠤᠨ ᠤ ᠬᠠᠮᠲᠤ ᠶᠢᠨ ᠴᠣᠭᠴᠠ ᠪᠣᠯᠭᠠᠵᠤ᠂ ᠪᠥᠬᠦ ᠰᠠᠪᠠ ᠭᠠᠵᠠᠷ ᠤᠨ ᠪᠥᠬᠦ ᠠᠮᠢᠨ ᠭᠠᠵᠠᠷ ᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ | ᠰᠢᠰᠲ᠋ᠧᠮ ᠲᠠᠢ ᠵᠠᠰᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ ᠣᠯᠤᠭᠰᠠᠨ ᠡᠯᠪᠡᠭ ᠪᠠᠶᠠᠯᠢᠭ ᠦᠷ᠎ᠡ ᠪᠦᠲᠦᠭᠡᠯ ᠢ ᠢᠯᠡᠷᠡᠭᠦᠯᠪᠡ᠃ | |