ᠪᠦᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠮᠠᠨ ᠤ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/9/14
      9 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠪᠣᠯᠤᠨ ᠬᠤᠲᠠ ᠶᠢᠨ ᠵᠠᠰᠠᠭ ᠤᠨ ᠣᠷᠳᠣᠨ ᠠᠴᠠ ᠬᠠᠮᠲᠤᠷᠠᠨ ᠡᠷᠭᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠮᠠᠨ ᠤ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠳᠤ ᠶᠠᠪᠤᠭᠳᠠᠪᠠ᠃      ᠲᠣᠰ ᠤᠳᠠᠭᠠᠨ ᠤ ᠰᠣᠷᠢᠯᠲᠠ ᠨᠢ 2024 ᠣᠨ ᠤ 9 ᠰᠠᠷ᠎ᠠ ᠶᠢᠨ 12 ᠤᠨ ᠡᠳᠦᠷ ᠤᠨ 9 ᠴᠠᠭ 32 ᠮᠢᠨᠦ᠋ᠲ ᠲᠤ᠂ ᠤᠷᠠᠳ ᠤᠨ ᠡᠮᠦᠨᠡᠲᠦ ᠬᠤᠰᠢᠭᠤᠨ ᠤ ᠡᠷᠳᠡᠨᠢᠪᠤᠯᠠᠭ ᠰᠤᠮᠤ ᠳᠤ 6.8 ᠲᠠᠰ ᠤᠨ ᠭᠠᠵᠠᠷ ᠬᠥᠳᠡᠯᠦᠯᠲᠡ ᠡᠭᠦᠰᠴᠦ᠂ ᠭᠠᠵᠠᠷ ᠬᠥᠳᠡᠯᠦᠯᠲᠡ ᠠᠴᠠ ᠪᠣᠯᠤᠭᠰᠠᠨ ᠭᠠᠵᠠᠷ ᠬᠥᠳᠡᠯᠦᠯᠲᠡ ᠶᠢᠨ ᠣᠷᠣᠨ ᠳᠤ ᠣᠯᠠᠨ ᠵᠠᠰᠠᠮᠠᠯ ᠵᠠᠮ᠂ ᠬᠥᠭᠦᠷᠭᠡ ᠡᠪᠳᠡᠭᠳᠡᠵᠦ᠂ ᠭᠠᠮᠰᠢᠭ ᠠᠴᠠ ᠠᠪᠤᠷᠬᠠᠤ ᠡᠳ᠋ ᠪᠣᠳᠠᠰ ᠢ ᠴᠠᠭ ᠲᠤᠬᠠᠶ ᠳᠤᠨᠢ ᠲᠡᠭᠡᠭᠡᠪᠦᠷᠢᠯᠡᠵᠦ ᠳᠡᠶᠢᠯᠬᠦ ᠥᠬᠡᠶ︔ ᠭᠡᠨᠡᠳᠲᠡ ᠶᠢᠨ ᠭᠠᠵᠠᠷ ᠬᠥᠳᠡᠯᠦᠯᠲᠡ ᠠᠴᠠ ᠪᠣᠯᠵᠣ᠂ ᠤᠯᠠᠭᠠᠨᠰᠤᠬᠠᠢ ᠶᠢᠨ ᠠᠮᠢ ᠠᠬᠤᠶ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠵᠢᠭᠤᠯᠴᠢᠯᠠᠯ ᠤᠨ ᠣᠩᠭᠤᠴᠠ ᠨᠢ ᠡᠷᠭᠢ ᠳᠤ ᠬᠦᠷᠴᠦ᠂ ᠮᠥᠷᠭᠦᠯᠳᠦᠭᠰᠡᠨ ᠠᠳᠡᠯ ᠭᠠᠷᠴᠤ᠂ ᠣᠩᠭᠤᠴᠠᠨ ᠳᠡᠭᠡᠷᠡᠬᠢ ᠣᠯᠠᠨ ᠵᠤᠭᠠᠴᠠᠭᠰᠠᠳ ᠰᠢᠷᠬᠠᠲᠤᠭᠰᠠᠨ ᠪᠤᠶᠤ ᠤᠰᠤᠨ ᠳᠤ ᠤᠨᠠᠭᠰᠠᠨ ᠪᠠᠶᠢᠨ᠎ᠠ᠃ ᠰᠣᠷᠢᠯᠲᠠ ᠳᠤ᠂ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠤᠨ ᠵᠢᠯᠣᠭᠤᠳᠬᠤ ᠭᠠᠵᠠᠷ ᠭᠠᠵᠠᠷ ᠬᠥᠳᠡᠯᠦᠯᠲᠡ ᠶᠢᠨ Ⅱ ᠳᠡᠰ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠴᠠᠭ ᠲᠤᠬᠠᠶ ᠳᠤᠨᠢ ᠡᠬᠢᠯᠡᠭᠦᠯᠵᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠢ ᠵᠣᠬᠢᠴᠠᠭᠤᠯᠤᠨ ᠵᠣᠬᠢᠶᠠᠨ ᠪᠠᠶᠢᠭᠤᠯᠵᠤ ᠠᠶᠢᠮᠠᠭ ᠬᠤᠲᠠ ᠠᠯᠤᠰᠯᠠᠨ ᠲᠤᠰᠠᠯᠠᠵᠤ᠂ ᠡᠪᠳᠡᠭᠳᠡᠭᠰᠡᠨ ᠵᠠᠮ ᠢ ᠪᠥᠬᠦ ᠬᠦᠴᠦᠨ ᠢᠶᠠᠷ ᠢᠶᠠᠨ ᠵᠠᠪᠳᠤᠨ ᠨᠡᠪᠲᠡᠷᠡᠭᠦᠯᠪᠡ᠃ ᠰᠣᠷᠢᠯᠲᠠ ᠳᠤ ᠣᠷᠣᠯᠴᠠᠭᠰᠠᠨ ᠡᠯ᠎ᠡ ᠨᠢᠭᠡᠴᠡ ᠶᠢᠨ ᠠᠵᠢᠯ ᠤᠨ ᠬᠤᠪᠢᠶᠠᠷᠢᠯᠠᠯ ᠲᠣᠳᠣᠷᠬᠠᠶ᠂ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠰᠣᠷᠢᠯᠲᠠ ᠶᠢᠨ ᠵᠢᠱᠢᠭᠰᠡᠨ ᠦᠷ᠎ᠡ ᠪᠦᠲᠦᠮᠵᠢ ᠳᠤ ᠬᠥᠷᠪᠡ᠃      ᠲᠣᠰ ᠤᠳᠠᠭᠠᠨ ᠤ ᠰᠣᠷᠢᠯᠲᠠ ᠨᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠢᠨᠵᠢᠯᠡᠬᠦ ᠤᠬᠠᠭᠠᠨᠴᠢ ᠴᠢᠨᠠᠷ ᠪᠠ ᠪᠦᠲᠦᠮᠵᠢᠲᠦ ᠴᠢᠨᠠᠷ ᠢ ᠰᠢᠯᠭᠠᠨ ᠪᠠᠶᠢᠴᠠᠭᠠᠭᠰᠠᠨ ᠢᠶᠠᠷ ᠪᠠᠷᠠᠬᠤ ᠥᠬᠡᠶ᠂ ᠡᠯ᠎ᠡ ᠨᠢᠭᠡᠴᠡ ᠡᠯ᠎ᠡ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠬᠤ ᠴᠢᠳᠠᠪᠤᠷᠢ ᠶᠢ ᠴᠦ ᠪᠣᠯᠪᠠᠰᠤᠷᠠᠭᠤᠯᠵᠤ ᠂ ᠭᠡᠨᠡᠳᠲᠡ ᠶᠢᠨ ᠬᠡᠷᠡᠭ ᠤᠨ ᠳᠣᠤᠷᠠᠬᠢ ᠠᠷᠭᠠᠴᠠᠬᠤ ᠬᠤᠷᠳᠤᠴᠠ ᠪᠠ ᠰᠢᠢᠳᠪᠦᠷᠢᠲᠦ ᠪᠣᠳᠣᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ