ᠬᠤᠷᠢᠨ ᠨᠢᠭᠡᠳᠦᠭᠡᠷ ᠬᠤᠭᠤᠴᠠᠭᠠᠨ ᠤ ᠪᠣᠷᠣᠳᠣᠬᠤᠢ ᠶᠢᠨ ᠰᠣᠶᠣᠯ ᠤᠷᠠᠯᠢᠭ ᠤᠨ ᠨᠠᠶᠢᠷ ᠵᠢᠴᠢ ᠬᠤᠶᠠᠳᠤᠭᠠᠷ ᠬᠤᠭᠤᠴᠠᠭᠠᠨ ᠤ ᠪᠣᠷᠣᠳᠣᠬᠤᠢ ᠶᠢᠨ ᠡᠯᠪᠡᠭ ᠬᠤᠷᠢᠶᠠᠯᠲᠠ ᠶᠢᠨ ᠵᠢᠭᠤᠯᠴᠢᠯᠠᠯ ᠤᠨ ᠤᠯᠠᠷᠢᠯ ᠤᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/9/14
      9 ᠰᠠᠷ᠎ᠠ ᠶᠢᠨ 12 ᠤᠨ ᠡᠳᠦᠷ᠂ 2024 ᠣᠨ ᠤ ᠬᠤᠷᠢᠨ ᠨᠢᠭᠡᠳᠦᠭᠡᠷ ᠬᠤᠭᠤᠴᠠᠭᠠᠨ ᠤ ᠪᠣᠷᠣᠳᠣᠬᠤᠢ ᠶᠢᠨ ᠰᠣᠶᠣᠯ ᠤᠷᠠᠯᠢᠭ ᠤᠨ ᠨᠠᠶᠢᠷ ᠵᠢᠴᠢ ᠬᠤᠶᠠᠳᠤᠭᠠᠷ ᠬᠤᠭᠤᠴᠠᠭᠠᠨ ᠤ ᠪᠣᠷᠣᠳᠣᠬᠤᠢ ᠶᠢᠨ ᠡᠯᠪᠡᠭ ᠬᠤᠷᠢᠶᠠᠯᠲᠠ ᠶᠢᠨ ᠵᠢᠭᠤᠯᠴᠢᠯᠠᠯ ᠤᠨ ᠤᠯᠠᠷᠢᠯ ᠤᠨ ᠠᠵᠢᠯᠯᠠᠭ᠎ᠠ ᠯᠢᠨ ᠾᠧ ᠲᠣᠭᠤᠷᠢᠭ ᠤᠨ ᠬᠠᠲᠤᠨ ᠭᠤᠣᠯ ᠤᠨ ᠲᠣᠬᠤᠢ ᠶᠢᠨ ᠶᠠᠪᠠᠭᠠᠨ ᠵᠡᠭᠡᠯᠢ ᠳᠤ ᠡᠬᠢᠯᠡᠪᠡ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠳ᠋ᠢ ᠷᠦᠢ ᠵᠧᠨ᠂ ᠬᠤᠲᠠ ᠶᠢᠨ ᠤᠳᠤᠷᠢᠳᠤᠯᠭ᠎ᠠ ᠨᠢᠦ ᠶᠦᠩ ᡁᠢ ᠬᠤᠷᠠᠯ ᠳᠤ ᠣᠷᠣᠯᠴᠠᠵᠤ᠂ ᠬᠤᠲᠠ ᠶᠢᠨ ᠤᠳᠤᠷᠢᠳᠤᠯᠭ᠎ᠠ ᠾᠧ ᠯᠢᠶᠠᠨ ᠬᠤᠢ ᠪᠠᠶᠠᠷ ᠤᠨ ᠦᠭᠡ ᠬᠡᠯᠡᠭᠰᠡᠨ ᠪᠥᠭᠡᠳ ᠬᠤᠷᠠᠯ ᠡᠬᠢᠯᠡᠭᠰᠡᠨ ᠢ ᠵᠠᠷᠯᠠᠪᠠ᠃      ᠲᠤᠰ ᠤᠷᠤᠢ᠂ ᠡᠬᠢᠯᠡᠯᠲᠡ ᠶᠢᠨ ᠶᠣᠰᠣᠯᠠᠯ ᠤᠨ ᠲᠣᠭᠯᠠᠯᠲᠠ ᠶᠢ ᠬᠥᠭᠵᠢᠮ ᠤᠨ ᠠᠩᠬᠢ ᠶᠢᠨ ᠦᠵᠡᠭᠳᠡᠯᠲᠦ ᠨᠠᠶᠢᠷᠠᠯ ᠳᠠᠭᠤᠤ ︽ᠡᠬᠡ ᠤᠯᠤᠰ ᠮᠢᠨᠢ︾ ᠬᠦᠰᠢᠬᠡ ᠪᠠᠨ ᠰᠡᠬᠦᠪᠡ᠃ ᠳᠠᠷᠠᠭ᠎ᠠ ᠨᠢ᠂ ᠦᠵᠡᠭᠳᠡᠯᠲᠦ ᠳᠠᠭᠤᠤ ᠪᠥᠵᠢᠭ ︽ᠵᠡᠭᠦᠳᠦ ᠪᠠᠨ ᠲᠡᠷᠭᠡᠯᠰᠢᠭᠦᠯᠬᠦ︾᠂ ︽ᠪᠣᠷᠣᠲᠣᠬᠤᠢ ᠶᠢ ᠠᠮᠲᠠᠯᠠᠬᠤ︾᠂ ︽ᠬᠠᠶᠢᠷ᠎ᠠ ᠬᠠᠯᠠᠮᠵᠢ ᠶᠢᠨ ᠨᠠᠶᠢᠳᠠᠯᠠᠯ︾᠂ ︽ᠠᠶᠠᠨ ᠳᠠᠶᠢᠨ︾ ᠵᠡᠷᠭᠡ ᠰᠣᠩᠭᠤᠳᠠᠭ ᠳᠠᠭᠤᠤ ᠵᠠᠯᠭᠠᠭ᠎ᠠ ᠪᠠᠷ ᠲᠣᠭᠯᠠᠪᠠ᠃ ᠦᠵᠡᠭᠴᠢᠳ ᠤᠨ ᠬᠠᠯᠠᠭᠤᠨ ᠬᠦᠰᠡᠯ ᠡᠷᠡᠮᠡᠯᠵᠡᠯ ᠳᠤ ᠂ ᠳᠠᠭᠤᠴᠢᠨ ᠬᠦᠰᠡᠯᠡᠩ ᠪᠣᠯᠤᠨ ᠾᠧ ᠮᠢᠨ ︽ᠡᠬᠡ ᠤᠯᠤᠰ ᠤᠨ ᠢᠶᠠᠨ ᠲᠥᠯᠥᠭᠡ ᠬᠤᠨᠳᠠᠭ᠎ᠠ ᠡᠷᠭᠦᠶ᠎ᠡ︾ ᠭᠡᠬᠦ ᠳᠠᠭᠤᠤ ᠶᠢ ᠳᠠᠭᠤᠯᠠᠵᠤ᠂ ᠴᠢᠩ ᠦᠨᠡᠨᠴᠢ ᠰᠡᠳᠬᠢᠯᠭᠡ ᠲᠠᠢ᠂ ᠰᠦᠷ ᠳᠠᠯᠠᠶᠢᠴᠠᠲᠠᠢ︔ ᠠᠷᠠᠳ ᠤᠨ ᠵᠠᠩ ᠦᠢᠯᠡ ᠶᠢᠨ ᠳᠠᠭᠤᠴᠢᠨ ᠳ᠋ᠢᠩ ᠸᠧᠨ ᠵᠢᠶᠦ᠋ᠨ ︽ᠪᠠᠷᠠᠭᠤᠨ ᠡᠭᠦᠳᠡᠨ ᠤ ᠬᠠᠶᠢᠷ᠎ᠠ︾᠂ ︽ᠳᠡᠯᠡᠬᠡᠢ ᠳ᠋ᠠᠬᠢᠨ ᠤ ᠬᠠᠳᠤᠨ ᠭᠤᠣᠯ ᠤᠨ ᠬᠡᠳᠦᠨ ᠠᠷᠪᠠᠨ ᠪᠤᠯᠤᠩ︾ ᠭᠡᠬᠦ ᠳᠠᠭᠤᠤ ᠶᠢ ᠬᠠᠩᠭᠢᠨᠠᠮ᠎ᠠ ᠰᠠᠶᠢᠬᠠᠨ ᠳᠠᠭᠤᠯᠠᠵᠠᠶ︔ ᠳᠠᠭᠤᠴᠢᠨ ᠠᠭᠤᠳᠠᠮ ︽ᠠᠯᠮᠤᠷᠠᠳ ᠤᠨ ᠦᠨᠦᠷ︾᠂ ︽ᠠᠷᠢᠬᠢᠨ ᠳᠠᠭᠤᠤ︾ ᠶᠢ ᠳᠠᠭᠤᠯᠠᠵᠤ᠂ ᠬᠠᠶᠢᠷ᠎ᠠ ᠰᠡᠳᠬᠢᠯᠭᠡ ᠨᠢ ᠪᠣᠷᠣᠭᠵᠢᠭᠤᠨ︔ ︽ᠲᠠᠯ᠎ᠠ ᠨᠤᠲᠤᠭ ᠤᠨ ᠪᠥᠵᠢᠭ ᠤᠨ ᠠᠷᠰᠢ︾ ᠯᠢ  ᠳᠡᠭᠵᠢᠨ 30 ᠤᠯᠠᠭᠠᠨᠮᠥ᠋ᠴᠢᠷ ᠤᠨ ᠪᠥᠵᠢᠭ ᠤᠨ ᠲᠤᠭᠯᠠᠭᠴᠢᠳ ᠲᠠᠢ ᠬᠠᠮᠲᠤ ᠪᠠᠷ ︽ᠠᠷᠢᠭᠤᠨ ᠴᠠᠭᠠᠨ ᠡᠭᠦᠯᠡ︾ ᠶᠢ ᠲᠣᠭᠯᠠᠵᠤ᠂ ᠲᠤᠬᠠᠶ ᠶᠢᠨ ᠲᠠᠯᠠᠪᠠᠢ ᠳᠤ ᠠᠯᠠᠭ᠎ᠠ ᠲᠠᠰᠢᠯᠳᠠ ᠶᠢᠨ ᠳᠠᠭᠤᠨ ᠲᠠᠰᠤᠷᠠᠯᠲᠠ ᠦᠭᠡᠢ ᠴᠤᠤᠷᠢᠶᠠᠲᠤᠪᠠ᠃ ᠬᠠᠮᠤᠭ ᠰᠡᠬᠦᠯ ᠳᠤ᠂ ᠡᠬᠢᠯᠡᠯᠲᠡ ᠶᠢᠨ ᠶᠣᠰᠣᠯᠠᠯ ᠤᠨ ᠲᠣᠭᠯᠠᠯᠲᠠ ᠨᠢ ︽ᠡᠬᠡ ᠤᠯᠤᠰ ᠢᠶᠠᠨ ᠮᠠᠭᠲᠠᠨ ᠳᠠᠭᠤᠯᠠᠶ᠎ᠠ︾ ᠭᠡᠬᠦ ᠨᠠᠶᠢᠷᠠᠯ ᠳᠠᠭᠤᠤ ᠶᠢᠨ ᠳᠤᠮᠳᠠ ᠥᠨᠳᠥᠷᠯᠡᠪᠡ᠃ ︽ᠲᠤᠰ ᠤᠳᠠᠭᠠᠨ ᠤ ᠠᠵᠢᠯᠯᠠᠭ᠎ᠠ ᠨᠢ ︿  ᠬᠥᠭᠵᠢᠯᠲᠦ ᠳᠤᠮᠳᠠᠳᠤ ᠦᠵᠡᠰᠬᠦᠯᠡᠩᠲᠦ ᠪᠣᠷᠣᠲᠣᠬᠤᠢ﹀ ᠪᠠᠷ ᠭᠤᠣᠯ ᠰᠡᠳᠦᠪ ᠪᠣᠯᠭᠠᠵᠤ᠂ ᠡᠬᠢᠯᠡᠯᠲᠡ ᠶᠢᠨ ᠶᠣᠰᠣᠯᠠᠯ ᠳᠤ ᠳᠠᠭᠤᠤ ᠬᠥᠭᠵᠢᠮ᠂ ᠦᠵᠡᠭᠳᠡᠯ ᠤᠨ ᠲᠣᠭᠯᠠᠯᠲᠠ ᠵᠡᠷᠭᠡ ᠤᠯᠠᠨ ᠵᠦᠢᠯ ᠤᠨ ᠲᠣᠭᠯᠠᠯᠲᠠ ᠶᠢᠨ ᠬᠡᠯᠪᠡᠷᠢ ᠶᠢ ᠠᠭᠤᠰᠤᠯᠴᠠᠭᠤᠯᠵᠤ᠂ ᠪᠠᠶᠠᠨᠨᠠᠭᠤᠷ ᠤᠨ ᠠᠷᠠᠳ ᠤᠨ ᠠᠮᠢᠳᠤᠷᠠᠯ ᠡᠶ᠎ᠡ ᠵᠣᠬᠢᠴᠠᠩᠭᠤᠢ ᠵᠣᠯ ᠵᠢᠷᠭᠠᠯᠲᠤ ᠰᠢᠨ᠎ᠡ ᠴᠤᠭ ᠵᠢᠪᠬᠤᠭ᠎ᠠ᠂ ᠰᠢᠨ᠎ᠡ ᠳᠦᠷᠰᠦ ᠪᠠᠶᠢᠳᠠᠯ᠂ ᠰᠢᠨ᠎ᠡ ᠵᠢᠷᠤᠭ ᠲᠥᠯᠥᠪᠯᠡᠭᠡ ᠶᠢ ᠲᠠᠶᠢᠯᠪᠤᠷᠢᠯᠠᠪᠠ︾  ᠭᠡᠵᠦ ᠡᠬᠢᠯᠡᠯᠲᠡ ᠶᠢᠨ ᠶᠣᠰᠣᠯᠠᠯ ᠤᠨ ᠶᠡᠷᠦᠩᠬᠡᠢ ᠤᠳᠤᠷᠢᠳᠤᠯᠭ᠎ᠠ ᠰᠦᠨ ᠶᠠ ᠲᠢᠩ ᠲᠠᠨᠢᠯᠴᠠᠭᠤᠯᠪᠠ᠃      ᠡᠬᠢᠯᠡᠯᠲᠡ ᠶᠢᠨ ᠶᠣᠰᠣᠯᠠᠯ ᠳᠡᠭᠡᠷ᠎ᠡ ᠪᠠᠰᠠ ︽ᠮᠤᠨᠢ ᠠᠭᠤᠯᠠ  ᠶᠢ ᠭᠠᠲᠤᠯᠬᠤ︾  ᠥᠪᠡᠷ ᠢᠶᠠᠨ ᠲᠡᠷᠭᠡ ᠵᠢᠯᠣᠭᠤᠳᠤᠨ ᠵᠤᠭᠠᠴᠠᠬᠤ  ᠡᠯᠧᠺᠲᠷᠣᠨ ᠵᠠᠮ ᠤᠨ ᠪᠢᠴᠢᠭ ᠢ ᠨᠡᠶᠢᠲᠡᠯᠡᠵᠦ᠂ ᠬᠤᠷᠢᠨ ᠭᠠᠵᠠᠷ ᠤᠨ ᠰᠣᠶᠣᠯ ᠤᠨ ᠣᠷᠳᠣᠨ ᠤ ᠬᠤᠯᠪᠣᠭ᠎ᠠ ᠶᠢᠨ ᠬᠡᠯᠡᠯᠴᠡᠭᠡᠷ ᠲᠣᠭᠲᠠᠬᠤ ᠶᠣᠰᠣᠯᠠᠯ ᠶᠠᠪᠤᠭᠤᠯᠪᠠ᠃      ᠲᠣᠭᠯᠠᠯᠲᠠ ᠶᠢᠨ ᠲᠠᠶᠢᠰᠠ ᠠᠴᠠ ᠭᠠᠳᠠᠨ᠎ᠠ᠂ ᠲᠤᠬᠠᠢ ᠶᠢᠨ ᠲᠠᠯᠠᠪᠠᠢ ᠳᠤ ᠪᠠᠰᠠ ᠲᠣᠭᠯᠠᠯᠲᠠ ᠭᠠᠷᠭᠠᠬᠤ ᠲᠣᠭᠤᠷᠢᠭ᠂ ᠡᠯᠪᠡᠭ ᠬᠤᠷᠢᠶᠠᠯᠲᠠ ᠶᠢ ᠪᠡᠯᠭᠡᠯᠡᠬᠦ ᠰᠢᠯᠭᠠᠨ ᠪᠠᠶᠢᠴᠠᠭᠠᠯᠲᠠ ᠶᠢᠨ ᠲᠣᠭᠤᠷᠢᠭ᠂ ᠴᠢᠨᠳᠠᠷ ᠤᠨ ᠪᠤᠰᠤ ᠰᠢᠯᠭᠠᠨ ᠪᠠᠶᠢᠴᠠᠭᠠᠯᠲᠠ ᠶᠢᠨ ᠲᠣᠭᠤᠷᠢᠭ᠂ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠵᠤᠭᠠᠴᠠᠯ ᠤᠨ ᠤᠷ᠎ᠠ ᠮᠡᠷᠭᠡᠵᠢᠯ ᠤᠨ ᠪᠡᠶᠡᠴᠢᠯᠡᠨ ᠣᠶᠢᠯᠠᠭᠠᠬᠤ ᠲᠣᠭᠤᠷᠢᠭ ᠪᠣᠯᠤᠨ ᠪᠦᠬᠦ ᠤᠯᠤᠰ ᠤᠨ ᠵᠤᠭᠠᠴᠠᠯ ᠤᠨ ᠲᠣᠰᠬᠤᠨ ᠪᠠᠯᠭᠠᠰᠤ ᠶᠢᠨ ᠦᠵᠡᠭᠦᠯᠦᠯᠭᠡ ᠶᠢᠨ ᠲᠣᠭᠤᠷᠢᠭ ᠵᠡᠷᠭᠡ ᠶᠢ ᠲᠤᠬᠢᠷᠠᠭᠤᠯᠵᠠᠢ᠃ 28 ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠨᠢ ᠠᠮᠲᠠᠲᠤ ᠢᠳᠡᠭᠡᠨ ᠤ ᠪᠦᠲᠦᠭᠡᠭᠳᠡᠬᠦᠨ ᠢ ᠰᠢᠯᠭᠠᠨ ᠲᠣᠭᠲᠠᠭᠠᠬᠤ ᠂ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠬᠤᠳᠠᠯᠳᠤᠬᠤ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ ᠵᠡᠷᠭᠡ ᠬᠡᠯᠪᠡᠷᠢ ᠪᠠᠷ ᠲᠥᠪᠯᠡᠷᠡᠭᠦᠯᠦᠨ ᠳᠡᠯᠭᠡᠨ ᠦᠵᠡᠭᠦᠯᠵᠦ ᠪᠡᠶᠡᠴᠢᠯᠡᠨ ᠣᠶᠢᠯᠠᠭᠠᠪᠠ᠃      ᠲᠣᠰ ᠤᠳᠠᠭᠠᠨ ᠤ ᠠᠵᠢᠯᠯᠠᠭ᠎ᠠ ᠶᠢ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠤᠤᠯᠯᠠᠨ ᠡᠷᠭᠢᠯᠡᠵᠦ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠯᠢᠨ ᠾᠧ ᠲᠣᠭᠤᠷᠢᠭ ᠤᠨ ᠵᠠᠰᠠᠭ ᠤᠨ ᠣᠷᠳᠣᠨ ᠳᠠᠭᠠᠭᠠᠴᠢᠯᠠᠨ ᠡᠷᠭᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠤᠳᠬ᠎ᠠ ᠤᠷᠠᠯᠢᠭ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠵᠦ᠂ ᠪᠣᠷᠣᠲᠣᠬᠤᠢ ᠶᠢᠨ ᠰᠣᠶᠣᠯ ᠤᠨ ᠷᠢᠳᠢ ᠰᠢᠳᠢ ᠶᠢ ᠢᠯᠡᠷᠡᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠡᠮᠳᠡᠭ ᠢ ᠪᠣᠶ ᠪᠣᠯᠭᠠᠬᠤ ᠶᠢᠨ ᠲᠥᠯᠥᠭᠡ ᠶᠤᠮ᠃ ᠠᠵᠢᠯᠯᠠᠭ᠎ᠠ ᠶᠢᠨ ᠬᠤᠭᠤᠴᠠᠭᠠᠨ ᠳᠤ ᠪᠠᠰᠠ ᠤᠯᠠᠮᠵᠢᠯᠠᠯᠲᠤ ᠰᠢ ᠵᠦᠴᠦᠭᠡ ᠤᠨ ᠲᠤᠰᠬᠠᠶ ᠲᠣᠭᠯᠠᠯᠲᠠ᠂ ᠤᠯᠤᠰ ᠤᠨ ᠪᠠᠶᠠᠷ ᠢ ᠤᠭᠲᠤᠬᠤ · ᠨᠠᠢᠮᠠᠨ ᠰᠠᠷ᠎ᠠ ᠶᠢᠨ ᠲᠡᠷᠭᠡᠯ ᠪᠠᠶᠠᠷ ᠢ ᠪᠡᠯᠭᠡᠯᠡᠬᠦ ᠤᠷᠠᠨ ᠰᠠᠶᠢᠬᠠᠨ ᠤ ᠲᠣᠭᠯᠠᠯᠲᠠ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠠᠷᠠᠳ ᠤᠨ ᠬᠥᠭᠵᠢᠮ ᠤᠨ ᠪᠦᠯᠬᠦᠮ ᠤᠨ ᠮᠣᠷᠢᠨ ᠬᠤᠭᠤᠷ ᠤᠨ ᠲᠤᠰᠬᠠᠶ ᠲᠣᠭᠯᠠᠯᠲᠠ ᠵᠡᠷᠭᠡ 20 ᠭᠠᠷᠤᠶ ᠵᠦᠢᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠥᠷᠨᠢᠭᠦᠯᠬᠦ ᠪᠣᠯᠤᠨ᠎ᠠ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ