ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠭᠠᠭᠴᠠᠮᠣᠳᠣ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ | ᠬᠤᠲᠠ ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠲᠥᠷᠥ ᠶᠢᠨ ᠶᠠᠪᠤᠳᠠᠯ ᠤᠨ ᠬᠤᠷᠢᠶᠠᠨ ᠤ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠠᠵᠢᠯᠯᠠᠭᠠᠨ ᠤ ᠲᠥᠯᠥᠪᠯᠡᠭᠡ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠤᠨ | ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠬᠡ ᠣᠭᠲᠠᠷᠭᠤᠶ ᠶᠢ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠶ ᠰᠠᠶᠢᠲᠤᠷ ᠬᠢᠵᠦ᠂ ᠮᠠᠨ ᠤ | ᠬᠤᠲᠠ ᠶᠢᠨ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢᠨ ᠲᠥᠯᠥᠭᠡ᠂ ︽ᠪᠠᠶᠠᠨᠨᠠᠭᠤᠷ ᠬᠤᠲᠠ ᠶᠢᠨ ᠠᠭᠠᠷ ᠤᠨ ᠶᠠᠰᠤ | ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠪᠣᠳᠠᠲᠠᠶ ᠲᠠᠢ ᠪᠠᠨ ᠤᠶᠠᠯᠳᠤᠭᠤᠯᠤᠨ | ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠠᠷᠠᠢ᠃ | ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ | 2024 ᠣᠨ ᠤ 8 ᠰᠠᠷ᠎ᠠ ᠶᠢᠨ 12 ᠤᠨ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠪᠡ︶ | | | ᠪᠠᠶᠠᠨᠨᠠᠭᠤᠷ ᠬᠤᠲᠠ ᠶᠢᠨ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ | ︽ᠲᠥᠷᠥ ᠶᠢᠨ ᠶᠠᠪᠤᠳᠠᠯ ᠤᠨ ᠬᠤᠷᠢᠶᠠᠨ ᠤ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠠᠵᠢᠯᠯᠠᠭ᠎ᠠ ᠶᠢᠨ ᠲᠥᠯᠥᠪᠯᠡᠭᠡ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠤᠨ | ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠬᠡ ᠣᠭᠲᠠᠷᠭᠤᠶ ᠶᠢ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠶ ᠰᠠᠶᠢᠲᠤᠷ ᠬᠢᠵᠦ᠂ ᠮᠠᠨ ᠤ | ᠬᠤᠲᠠ ᠶᠢᠨ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢᠨ ᠲᠥᠯᠥᠭᠡ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃ | | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠭᠤᠤᠯᠳᠠᠯᠭ᠎ᠠ ᠲᠠᠢ ᠣᠷᠤᠨ ᠪᠦᠰᠡ᠃ ᠯᠢᠨ ᠾᠧ ᠲᠣᠭᠤᠷᠢᠭ᠂ ᠤᠷᠠᠳ ᠤᠨ ᠡᠮᠦᠨᠡᠲᠦ ᠬᠤᠰᠢᠭᠤ᠃ | ︵ᠬᠤᠶᠠᠷ︶ ᠭᠤᠤᠯ ᠬᠠᠷᠠᠯᠲᠠ᠃ 2025 ᠤᠨ ᠪᠣᠯᠬᠤ ᠳᠤ᠂ ᠮᠠᠨ ᠤ ᠬᠤᠲᠠ ᠶᠢᠨ ᠰᠢᠯᠢᠳᠡᠭ ᠡᠳᠦᠷ ᠤᠨ ᠲᠤᠭ᠎ᠠ ᠶᠢᠨ ᠬᠠᠷᠢᠴᠠᠯ ᠤᠨ ᠨᠤᠷᠮ᠎ᠠ ᠶᠢ 87. | 4% ᠵᠢᠴᠢ ᠲᠡᠭᠦᠨ ᠠᠴᠠ ᠳᠡᠭᠡᠭᠰᠢ ᠳᠤ ᠬᠦᠷᠭᠡᠨ᠎ᠡ︔ PM2.5 ᠶᠢᠨ ᠥᠳᠬᠡᠴᠡ ᠶᠢ 29.0 ᠮᠢᠺᠷᠣᠭ᠍ᠷᠠᠮ ᠳᠤ / ᠪᠣᠰᠤᠭ᠎ᠠ ᠳᠥᠷᠪᠡᠯᠵᠢᠨ ᠮᠧᠲᠷ ᠵᠢᠴᠢ | ᠲᠡᠭᠦᠨ ᠠᠴᠠ ᠳᠣᠷᠣᠭᠰᠢ︔ ᠬᠦᠨᠳᠦ ᠵᠢᠴᠢ ᠲᠡᠭᠦᠨ ᠠᠴᠠ ᠳᠡᠭᠡᠭᠰᠢᠬᠢ ᠪᠣᠬᠢᠷᠲᠤᠯ ᠲᠠᠢ ᠡᠳᠦᠷ ᠤᠨ ᠲᠤᠭ᠎ᠠ ᠶᠢᠨ ᠬᠠᠷᠢᠴᠠᠯ ᠤᠨ ᠨᠤᠷᠮ᠎ᠠ ᠶᠢ 0.6% ᠵᠢᠴᠢ | ᠲᠡᠭᠦᠨ ᠠᠴᠠ ᠳᠣᠷᠣᠭᠰᠢ ᠬᠢᠵᠠᠭᠠᠷᠯᠠᠨ᠎ᠠ᠃ 2024 - 2025 ᠣᠨ ᠳᠤ᠂ ᠭᠤᠤᠯᠳᠠᠯᠭ᠎ᠠ ᠲᠠᠢ ᠢᠨᠵᠧᠨᠧᠷᠢᠩ ᠤᠨ ᠠᠽᠣᠲ ᠤᠨ ᠢᠰᠦᠯ ᠢ 280.08 ᠲᠣᠨ᠂ | ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ︵VOCs︶ ᠢ ᠭᠠᠳᠠᠭᠰᠢᠯᠠᠭᠤᠯᠤᠨ᠎ᠠ︶ 375 ᠲᠣᠨ᠃ | ᠬᠤᠶᠠᠷ᠂ ᠠᠵᠤ ᠦᠢᠯᠡᠰ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠤᠨ᠎ᠠ | ︵ᠭᠤᠷᠪᠠ︶ ᠠᠵᠤ ᠦᠢᠯᠡᠰ ᠤᠨ ᠪᠦᠲᠦᠴᠡ ᠪᠠ ᠪᠠᠶᠢᠷᠢᠯᠠᠯ ᠢ ᠰᠢᠯᠢᠳᠡᠭᠵᠢᠭᠦᠯᠦᠨ᠎ᠡ᠃ ᠡᠨᠧᠷᠭᠢ ᠶᠢᠨ ᠬᠤᠷᠣᠭᠳᠠᠯ ᠶᠡᠬᠡᠲᠡᠶ᠂ ᠭᠠᠳᠠᠭᠰᠢᠯᠠᠭᠤᠯᠤᠯᠲᠠ ᠶᠡᠬᠡᠲᠡᠶ | ᠂ ᠬᠢᠷᠢ ᠲᠦᠪᠰᠢᠨ ᠪᠠᠭᠠᠲᠠᠶ ᠲᠥᠷᠥᠯ ᠵᠦᠢᠯ ᠢ ᠰᠣᠬᠤᠷ ᠪᠠᠯᠠᠶ ᠪᠠᠷ ᠡᠬᠢᠯᠡᠭᠦᠯᠬᠦ ᠶᠢ ᠡᠷᠡᠰ ᠬᠤᠷᠢᠭᠯᠠᠵᠤ᠂ ᠰᠢᠨ᠎ᠡ ᠪᠠᠷ ᠥᠭᠡᠷᠡᠴᠢᠯᠡᠵᠦ ᠥᠷᠭᠡᠳᠬᠡᠨ ᠪᠠᠶᠢᠭᠤᠯᠬᠤ | ᠲᠥᠷᠥᠯ ᠵᠦᠢᠯ ᠨᠢ ᠤᠯᠤᠰ ᠪᠠ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠠᠵᠤ ᠦᠢᠯᠡᠰ ᠤᠨ ᠲᠥᠯᠥᠪᠵᠢᠭᠦᠯᠭᠡ᠂ ᠠᠵᠤ ᠦᠢᠯᠡᠰ ᠤᠨ ᠲᠥᠷᠥ ᠶᠢᠨ | ᠪᠣᠳᠣᠯᠭ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠲᠥᠰᠦᠯ᠂ ᠲᠥᠯᠥᠪᠵᠢᠭᠦᠯᠭᠡ ᠶᠢᠨ ᠣᠷᠴᠢᠨ ᠲᠣᠭᠤᠷᠢᠨ ᠤ | ᠦᠨᠡᠯᠡᠯᠲᠡ᠂ ᠲᠥᠷᠥᠯ ᠵᠦᠢᠯ ᠤᠨ ᠣᠷᠴᠢᠨ ᠲᠣᠭᠤᠷᠢᠨ ᠤ ᠦᠨᠡᠯᠡᠯᠲᠡ᠂ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ᠂ ᠦᠢᠯᠡᠳᠪᠦᠷᠢᠯᠡᠬᠦ ᠴᠢᠳᠠᠪᠤᠷᠢ ᠶᠢ ᠰᠣᠯᠢᠬᠤ | ᠂ ᠭᠤᠤᠯᠳᠠᠯᠭ᠎ᠠ ᠲᠠᠢ ᠪᠣᠬᠢᠷᠲᠤᠯ ᠪᠣᠳᠠᠰ ᠤᠨ ᠶᠡᠷᠦᠩᠬᠡᠶ ᠬᠡᠮᠵᠢᠶ᠎ᠡ ᠶᠢ ᠡᠵᠡᠮᠳᠡᠬᠦ᠂ ᠪᠣᠬᠢᠷᠲᠤᠯ ᠪᠣᠳᠠᠰ ᠭᠠᠳᠠᠭᠰᠢᠯᠠᠭᠤᠯᠬᠤ ᠣᠷᠣᠨ ᠪᠦᠰᠡ ᠶᠢ ᠪᠠᠭᠠᠰᠬᠠᠬᠤ᠂ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠳᠤ ᠬᠦᠷᠭᠡᠬᠦ ᠬᠠᠷᠠᠯᠲᠠ ᠵᠡᠷᠭᠡ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠵᠠᠷᠴᠢᠮ ᠳᠡᠭᠡᠷ᠎ᠡ ᠪᠠᠨ ᠴᠡᠪᠡᠷ ᠲᠡᠭᠡᠭᠡᠪᠦᠷᠢ ᠶᠢᠨ ᠠᠷᠭ᠎ᠠ ᠮᠠᠶ᠋ᠢᠭ ᠢ ᠬᠡᠷᠡᠭᠯᠡᠨ᠎ᠡ᠃ ᠦᠢᠯᠡᠳᠪᠦᠷᠢᠯᠡᠬᠦ ᠴᠢᠳᠠᠪᠤᠷᠢ ᠶᠢ ᠰᠣᠯᠢᠬᠤ ᠳᠤ ᠬᠤᠯᠪᠣᠭᠳᠠᠬᠤ ᠲᠥᠷᠥᠯ ᠵᠦᠢᠯ ︵ | ᠴᠠᠬᠢᠯᠭᠠᠨ ᠬᠦᠴᠦᠨ ᠪᠠ ᠢᠯᠴᠢ ᠶᠢᠨ ᠬᠦᠴᠦᠨ ᠤ ᠦᠢᠯᠡᠳᠪᠦᠷᠢᠯᠡᠯ ᠬᠠᠩᠭᠠᠯᠭ᠎ᠠ ᠶᠢᠨ ᠠᠵᠢᠯ ᠲᠥᠷᠥᠯ ᠪᠠᠭᠲᠠᠬᠤ ᠦᠭᠡᠶ︶᠂ ᠰᠣᠯᠢᠭᠳᠠᠬᠤ ᠦᠢᠯᠡᠳᠪᠦᠷᠢᠯᠡᠯ ᠤᠨ | ᠴᠢᠳᠠᠪᠤᠷᠢ ᠵᠢᠴᠢ ᠢᠵᠢ ᠪᠦᠷᠢᠳᠦᠭᠦᠯᠬᠦ ᠪᠡᠯᠡᠳᠬᠡᠮᠵᠢ ᠶᠢ ᠬᠠᠭᠠᠵᠤ ᠵᠣᠭᠰᠣᠭᠠᠭᠰᠠᠨ ᠤ ᠳᠠᠷᠠᠭ᠎ᠠ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠨᠢ ᠰᠠᠶ᠋ᠢ | ᠠᠰᠢᠭᠯᠠᠯᠲᠠ ᠳᠤ ᠣᠷᠣᠭᠤᠯᠵᠤ ᠪᠣᠯᠤᠨ᠎ᠠ᠃ ᠰᠢᠨ᠎ᠡ ᠪᠠᠷ ᠨᠡᠮᠡᠭᠳᠡᠬᠦ ᠪᠣᠯᠣᠳ ᠲᠡᠮᠦᠷ ᠤᠨ ᠦᠢᠯᠡᠳᠪᠦᠷᠢᠯᠡᠬᠦ ᠴᠢᠳᠠᠪᠤᠷᠢ ᠶᠢ ᠴᠢᠩᠭ᠎ᠠ ᠬᠢᠵᠠᠭᠠᠷᠯᠠᠵᠤ᠂ ᠪᠣᠯᠣᠳ ᠲᠡᠮᠦᠷ | ᠂ ᠬᠡᠦᠷᠰᠢᠭᠦᠯᠬᠦ᠂ ᠰᠢᠲᠠᠭᠠᠵᠤ ᠪᠠᠷᠢᠯᠳᠤᠭᠤᠯᠬᠤ ᠶᠢ ᠨᠢᠭᠡ ᠴᠣᠭᠴᠠᠵᠢᠭᠤᠯᠤᠭᠰᠠᠨ ᠪᠠᠶᠢᠷᠢᠰᠢᠭᠤᠯᠤᠯ ᠢ ᠬᠡᠷᠡᠭᠵᠢᠭᠦᠯᠦᠨ᠂ ᠬᠡᠦᠷᠰᠢᠭᠦᠯᠬᠦ ᠠᠵᠤ ᠦᠢᠯᠡᠰ ᠤᠨ | ᠬᠡᠯᠬᠢᠶ᠎ᠡ ᠶᠢ ᠳᠣᠣᠷᠠᠳᠤ ᠤᠷᠤᠰᠬᠠᠯ ᠲᠡᠰᠢ ᠥᠨᠳᠥᠷ ᠨᠡᠮᠡᠯᠲᠡ ᠥᠷᠲᠡᠭ ᠲᠠᠢ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠲᠡᠰᠢ ᠤᠷᠲᠤᠳᠬᠠᠬᠤ ᠶᠢ | ᠠᠬᠢᠭᠤᠯᠤᠨ᠎ᠠ᠃ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠳᠤ ᠦᠯᠦ ᠨᠡᠶᠢᠴᠡᠬᠦ ᠬᠤᠴᠣᠷᠤᠩᠭᠤᠢ | ᠦᠢᠯᠡᠳᠪᠦᠷᠢᠯᠡᠯ ᠤᠨ ᠴᠢᠳᠠᠪᠤᠷᠢ ᠶᠢ ᠬᠠᠤᠯᠢ ᠶᠣᠰᠣᠭᠠᠷ ᠭᠠᠷᠭᠠᠬᠤ ᠬᠡᠷᠡᠭᠲᠡᠢ᠃ ᠱᠦᠢᠨᠢ ᠶᠢᠨ ᠠᠵᠢᠯ ᠲᠥᠷᠥᠯ ᠤᠨ ᠠᠵᠤ ᠠᠬᠤᠢᠯᠠᠯ ︵ᠡᠮᠦᠨᠡᠲᠦ ᠬᠤᠰᠢᠭᠤᠨ ᠤ | ᠵᠦᠩ ᠯᠢᠶᠠᠨ ᠱᠦᠢᠨᠢ︶ ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠦᠢᠯᠡᠳᠪᠦᠷᠢᠯᠡᠬᠦ ᠶᠢ ᠨᠠᠶᠢᠳᠠᠪᠤᠷᠢᠵᠢᠭᠤᠯᠤᠨ᠎ᠠ᠃ ︵ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ | ᠡᠨᠧᠷᠭᠢ ᠶᠢᠨ ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠡᠯ᠎ᠡ ᠬᠤᠰᠢᠭᠤ ᠰᠢᠶᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ | ᠨᠠᠶᠢᠳᠠᠪᠤᠷᠢᠵᠢᠭᠤᠯᠤᠨ᠎ᠠ᠃ ᠳᠣᠷᠣᠭᠰᠢ ᠴᠥᠮ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠠᠵᠤ ᠠᠬᠤᠶ | ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠢ ᠨᠠᠶᠢᠳᠠᠪᠤᠷᠢᠵᠢᠭᠤᠯᠬᠤ ᠴᠢᠬᠤᠯᠠᠲᠠᠶ ᠪᠠᠶᠢᠪᠠᠯ᠂ ᠳᠠᠬᠢᠵᠤ ᠵᠢᠭᠰᠠᠭᠠᠬᠤ ᠦᠭᠡᠶ︶ | ︵ᠲᠦᠷᠪᠡ︶ ᠤᠯᠠᠮᠵᠢᠯᠠᠯᠲᠤ ᠠᠵᠤ ᠦᠢᠯᠡᠰ ᠤᠨ ᠪᠦᠯᠦᠭᠵᠢᠯ ᠤᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠤᠨ᠎ᠠ᠃ ᠮᠠᠨ ᠤ ᠬᠤᠲᠠ ᠶᠢᠨ ᠠᠵᠤ | ᠦᠢᠯᠡᠰ ᠤᠨ ᠰᠦᠷᠦᠭᠵᠢᠯ ᠤᠨ ᠣᠨᠴᠠᠯᠢᠭ ᠲᠠᠢ ᠤᠶᠠᠯᠳᠤᠭᠤᠯᠤᠨ᠂ ︽ᠨᠢᠭᠡ ᠰᠦᠷᠦᠭᠵᠢᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ᠂ ᠲᠥᠷᠥᠯ ᠬᠤᠪᠢᠶᠠᠨ | ᠵᠠᠰᠠᠬᠤ︾ ᠵᠠᠷᠴᠢᠮ ᠶᠣᠰᠣᠭᠠᠷ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠥᠰᠦᠯ ᠢ ᠲᠣᠭᠲᠠᠭᠠᠵᠤ᠂ ᠨᠢᠭᠡ ᠪᠦᠯᠦᠭ ᠢ ᠬᠠᠤᠯᠢ ᠶᠣᠰᠣᠭᠠᠷ ᠰᠢᠭᠰᠢᠭᠳᠡᠭᠦᠯᠵᠦ᠂ ᠨᠢᠭᠡ | ᠪᠦᠯᠦᠭ ᠢ ᠲᠤᠬᠠᠶ ᠶᠢᠨ ᠭᠠᠵᠠᠷ ᠲᠤᠨᠢ ᠥᠭᠡᠷᠡᠴᠢᠯᠡᠵᠦ᠂ ᠨᠢᠭᠡ ᠪᠦᠯᠦᠭ ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ 2027 ᠣᠨ ᠤ ᠡᠴᠦᠰ ᠠᠴᠠ ᠡᠮᠦᠨ᠎ᠡ | ᠴᠡᠭᠴᠡᠯᠡᠨ ᠵᠠᠰᠠᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ᠳᠤᠮᠳᠠ ᠵᠢᠵᠢᠭ ᠬᠡᠯᠪᠡᠷᠢ ᠶᠢᠨ ᠤᠯᠠᠮᠵᠢᠯᠠᠯᠲᠤ ᠦᠢᠯᠡᠳᠬᠡᠯ ᠤᠨ ᠠᠵᠤ ᠠᠬᠤᠶᠢᠯᠠᠯ ᠲᠥᠪᠯᠡᠷᠡᠭᠰᠡᠨ | ᠬᠤᠰᠢᠭᠤ ᠰᠢᠶᠠᠨ ᠲᠣᠭᠤᠷᠢᠭ ᠨᠢ ᠬᠡᠢ ᠳᠤ ᠬᠤᠯᠪᠣᠭᠳᠠᠬᠤ ᠠᠵᠤ ᠦᠢᠯᠡᠰ ᠤᠨ ᠪᠥᠭᠡᠮᠨᠡᠷᠡᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠵᠤ᠂ ᠠᠵᠤ | ᠦᠢᠯᠡᠰ ᠤᠨ ᠪᠥᠭᠡᠮᠨᠡᠷᠡᠯ ᠤᠨ ᠪᠠᠶᠢᠷᠢ ᠲᠣᠭᠲᠠᠭᠠᠯᠲᠠ᠂ ᠬᠡᠪᠴᠢᠶ᠎ᠡ᠂ ᠪᠠᠶᠢᠷᠢᠰᠢᠭᠤᠯᠤᠯᠲᠠ᠂ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ | ᠱᠠᠭᠠᠷᠳᠠᠯᠭ᠎ᠠ ᠶᠢ ᠲᠣᠳᠣᠷᠬᠠᠶᠢᠯᠠᠬᠤ ᠬᠡᠷᠡᠭᠲᠡᠶ᠃ ᠲᠥᠷᠥᠯ ᠵᠦᠢᠯ ᠢ ᠬᠢᠨᠠᠨ ᠵᠥᠪᠰᠢᠶᠡᠷᠡᠬᠦ ᠶᠢ ᠴᠢᠩᠳᠠᠯᠠᠵᠤ᠂ ᠪᠣᠬᠢᠷᠲᠤᠯ ᠢ ᠬᠥᠳᠡᠭᠡ ᠪᠠᠭᠤᠯᠭᠠᠬᠤ ᠶᠢ ᠴᠢᠩᠭ᠎ᠠ | ᠰᠡᠷᠭᠡᠶᠢᠯᠡᠨ᠎ᠡ᠃ ᠠᠵᠤ ᠦᠢᠯᠡᠰ ᠤᠨ ᠪᠥᠭᠡᠮᠨᠡᠷᠡᠯ ᠤᠨ ᠣᠨᠴᠠᠯᠢᠭ ᠢ ᠦᠨᠳᠦᠰᠦᠯᠡᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠲᠥᠪᠯᠡᠷᠡᠭᠰᠡᠨ | ᠢᠯᠴᠢ᠂ ᠮᠠᠰᠢᠨ ᠬᠠᠩᠭᠠᠬᠤ ᠲᠥᠪ ᠢ ᠪᠥᠲᠥᠭᠡᠨ ᠪᠠᠶᠢᠭᠤᠯᠤᠨ᠎ᠠ︔ ᠰᠢᠷ ᠤᠨ ᠲᠥᠷᠥᠯ ᠤᠨ ᠠᠵᠤ ᠠᠬᠤᠶᠢᠯᠠᠯ ᠲᠥᠪᠯᠡᠷᠡᠭᠰᠡᠨ ᠠᠵᠤ ᠦᠢᠯᠡᠰ ᠤᠨ ᠪᠥᠭᠡᠮᠨᠡᠷᠡᠯ ᠢ | ᠵᠣᠷᠢᠭᠵᠢᠭᠤᠯᠤᠨ ᠲᠥᠪᠯᠡᠷᠡᠭᠦᠯᠦᠨ ᠰᠢᠷᠳᠡᠬᠦ ᠲᠥᠪ ᠪᠠᠶᠢᠭᠤᠯᠵᠤ᠂ ᠥᠨᠳᠥᠷ ᠪᠦᠲᠦᠮᠵᠢᠲᠡᠶ VOCs ᠵᠠᠰᠠᠬᠤ ᠪᠡᠯᠡᠳᠬᠡᠮᠵᠢ ᠤᠭᠰᠠᠷᠠᠵᠤ᠂ ᠠᠵᠤ ᠠᠬᠤᠶᠢᠯᠠᠯ ᠤᠨ | ᠪᠡᠶ᠎ᠡ ᠪᠠᠨ ᠳᠠᠭᠠᠭᠠᠵᠤ ᠰᠦᠷᠴᠢᠨ ᠰᠢᠷᠳᠡᠬᠦ ᠠᠵᠢᠯ ᠤᠨ ᠳᠡᠰ ᠳᠠᠷᠠᠭᠠᠯᠠᠯ ᠢ ᠣᠷᠣᠯᠠᠭᠤᠯᠤᠨ᠎ᠠ︔ ᠣᠷᠭᠠᠨᠢᠭ ᠠᠭᠤᠰᠤᠮᠠᠯ ᠡᠮ ᠢ ᠨᠡᠶᠢᠳᠡᠮ ᠬᠡᠷᠡᠭᠯᠡᠬᠦ ᠠᠵᠤ | ᠦᠢᠯᠡᠰ ᠤᠨ ᠪᠥᠭᠡᠮᠨᠡᠷᠡᠯ ᠢ ᠨᠡᠶᠢᠳᠡᠮ ᠬᠡᠷᠡᠭᠯᠡᠵᠦ᠂ ᠲᠥᠪᠯᠡᠷᠡᠭᠦᠯᠦᠨ ᠡᠭᠡᠭᠦᠯᠦᠨ ᠬᠤᠷᠢᠶᠠᠵᠤ ᠰᠢᠢᠳᠪᠦᠷᠢᠯᠡᠬᠦ ᠲᠥᠪ ᠪᠠᠶᠢᠭᠤᠯᠬᠤ ᠶᠢ ᠲᠦᠯᠬᠢᠨ ᠠᠬᠢᠭᠤᠯᠤᠨ᠎ᠠ︔ | ᠢᠳᠡᠪᠬᠢᠵᠢᠭᠦᠯᠦᠭᠰᠡᠨ ᠨᠡᠭᠦᠷᠡᠰᠦ ᠬᠡᠷᠡᠭᠯᠡᠬᠦ ᠬᠡᠮᠵᠢᠶ᠎ᠡ ᠪᠠᠷ ᠶᠡᠭᠡ ᠠᠵᠤ ᠦᠢᠯᠡᠰ ᠤᠨ ᠪᠥᠭᠡᠮᠨᠡᠷᠡᠯ ᠢ ᠨᠢᠭᠡᠳᠦᠯᠲᠡᠶ ᠲᠥᠯᠥᠪᠯᠡᠨ ᠪᠦᠲᠦᠭᠡᠨ ᠪᠠᠶᠢᠭᠤᠯᠤᠨ᠎ᠠ᠃ ᠬᠢᠨᠠᠯᠲᠠ | ᠲᠠᠯᠪᠢᠵᠤ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠦᠨ᠂ ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠦᠭᠡᠶ ᠪᠠ ᠪᠣᠬᠢᠷᠲᠤᠯ ᠶᠡᠬᠡᠲᠡᠶ︾ ᠠᠵᠤ ᠠᠬᠤᠶᠢᠯᠠᠯ ᠳᠠᠬᠢᠨ | ᠡᠭᠦᠰᠬᠦ ᠶᠢ ᠴᠢᠩᠭ᠎ᠠ ᠰᠡᠷᠭᠡᠶᠢᠯᠡᠨ᠎ᠡ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠲᠠᠪᠤ ︶ ᠲᠤᠤᠷ᠎ᠠ ︵ᠦᠭᠡᠢ︶ VOCs ᠠᠭᠤᠯᠤᠭᠳᠠᠴᠠ ᠲᠦᠭᠦᠬᠡᠢ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠢ ᠤᠷᠤᠯᠠᠭᠤᠯᠬᠤ ᠶᠢ ᠲᠦᠷᠭᠡᠨ | ᠬᠡᠷᠡᠭᠵᠢᠭᠦᠯᠦᠨ᠎ᠡ᠃ ᠳᠡᠭᠡᠳᠦ VOCs ᠠᠭᠤᠯᠤᠭᠳᠠᠴᠠ ᠶᠡᠬᠡᠲᠡᠶ ᠰᠢᠷ᠂ ᠲᠣᠰᠣᠨ ᠪᠡᠭᠡ᠂ ᠨᠠᠭᠠᠯᠳᠤᠩᠬᠠᠶ ᠡᠳ᠋᠂ ᠴᠡᠪᠡᠷᠯᠡᠨ ᠤᠬᠢᠶᠠᠬᠤ ᠡᠳ᠋ ᠵᠡᠷᠭᠡ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠦᠢᠯᠡᠳᠪᠦᠷᠢᠯᠡᠬᠦ ᠪᠠ ᠬᠡᠷᠡᠭᠯᠡᠬᠦ ᠶᠢ ᠴᠢᠩᠭ᠎ᠠ ᠬᠢᠵᠠᠭᠠᠷᠯᠠᠵᠤ᠂ ᠤᠰᠤᠨ ᠤ ᠴᠢᠨᠠᠷ᠂ ᠬᠠᠲᠠᠭᠤ ᠪᠡᠶᠡᠲᠦ᠂ ᠠᠭᠤᠰᠬᠠᠭᠴᠢ ᠦᠭᠡᠶ | ᠂ ᠨᠤᠨᠲᠠᠭ ᠵᠡᠷᠭᠡ ᠳᠣᠤᠷ᠎ᠠ ︵ᠪᠠᠶᠢᠬᠤ︶ VOCs ᠠᠭᠤᠯᠤᠭᠳᠠᠴᠠ ᠶᠢᠨ ᠦᠢᠯᠡᠳᠬᠦᠨ ᠤ ᠬᠤᠪᠢ ᠶᠢᠨ ᠵᠢᠩ ᠢ ᠳᠡᠭᠡᠭᠰᠢᠯᠡᠭᠦᠯᠦᠨ᠂ ᠣᠳᠣ ᠪᠠᠶᠢᠭ᠎ᠠ ᠬᠡᠷᠡᠭᠯᠡᠬᠦ | ᠠᠵᠤ ᠠᠬᠤᠶᠢᠯᠠᠯ ᠳᠤ ᠳᠣᠤᠷ᠎ᠠ ︵ᠦᠯᠦ ᠪᠠᠶᠢᠬᠤ︶ VOCs ᠠᠭᠤᠯᠤᠭᠳᠠᠴᠠ ᠶᠢᠨ ᠲᠦᠭᠦᠬᠡᠶ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠢ ᠣᠷᠣᠯᠠᠭᠤᠯᠬᠤ | ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠵᠦ᠂ ᠭᠤᠤᠯᠳᠠᠯᠭ᠎ᠠ ᠲᠠᠢ ᠣᠷᠣᠨ ᠪᠦᠰᠡ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠡᠷᠡᠭᠯᠡᠬᠦ ᠬᠠᠷᠢᠴᠠᠯ ᠢ | ᠨᠡᠮᠡᠭᠳᠡᠭᠦᠯᠬᠦ ᠬᠡᠷᠡᠭᠲᠡᠶ᠃ ᠢᠳᠡᠭᠡᠨ ᠤᠮᠳᠠᠭᠠᠨ᠂ ᠮᠠᠰᠢᠨ ᠲᠡᠷᠭᠡ ᠰᠡᠯᠪᠢᠨ ᠵᠠᠰᠠᠬᠤ᠂ ᠬᠡᠷ ᠳᠣᠲᠣᠷᠠᠬᠢ ᠵᠠᠰᠠᠯ ᠴᠢᠮᠡᠭᠯᠡᠯ ᠪᠠ ᠬᠡᠪᠯᠡᠬᠦ ᠵᠡᠷᠭᠡ VOCs ᠠᠵᠢᠯ | ᠲᠥᠷᠥᠯ ᠤᠨ ᠭᠠᠳᠠᠭᠰᠢᠯᠠᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︵ᠦᠭᠡᠢ︶ VOCs ᠠᠭᠤᠯᠤᠭᠰᠠᠨ ᠲᠦᠭᠦᠬᠡᠢ ᠮᠠᠲ᠋ᠧᠷᠢᠶᠠᠯ ᠪᠠ | ᠲᠤᠰᠠᠯᠠᠬᠤ ᠮᠠᠲ᠋ᠧᠷᠢᠶᠠᠯ ᠢ ᠡᠬᠢ ᠡᠭᠦᠰᠦᠯ ᠠᠴᠠ ᠨᠢ ᠣᠷᠣᠯᠠᠭᠤᠯᠬᠤ ︵ᠵᠢᠱᠢᠶᠡᠯᠡᠪᠡᠯ᠂ ᠤᠰᠤᠨ ᠲᠣᠰᠣ᠂ ᠬᠠᠭᠤᠷᠠᠢ ᠪᠠᠷ ᠤᠬᠢᠶᠠᠬᠤ ᠡᠳ᠋ ᠵᠡᠷᠭᠡ︶ ᠶᠢ ᠰᠢᠮᠳᠠᠭᠤᠯᠤᠨ | ᠬᠡᠷᠡᠭᠵᠢᠭᠦᠯᠦᠨ᠎ᠡ᠃ ᠣᠨᠴᠠᠭᠠᠢ ᠴᠢᠳᠠᠮᠵᠢ ᠶᠢᠨ ᠱᠠᠭᠠᠷᠳᠠᠯᠭ᠎ᠠ ᠠᠴᠠ ᠪᠤᠰᠤᠳ ᠭᠡᠷ ᠳᠣᠲᠣᠷᠠᠬᠢ ᠭᠠᠵᠠᠷ ᠤᠨ ᠲᠦᠪᠰᠢᠨ ᠤ ᠪᠠᠷᠢᠯᠭ᠎ᠠ᠂ ᠭᠡᠷ ᠤᠨ ᠭᠠᠳᠠᠨᠠᠬᠢ | ᠪᠠᠷᠢᠯᠭ᠎ᠠ ᠶᠢᠨ ᠰᠡᠷᠭᠡᠶᠢᠯᠡᠯᠲᠡ ᠪᠠ ᠬᠤᠳᠠ ᠶᠢᠨ ᠵᠠᠮ ᠬᠠᠷᠢᠯᠴᠠᠭᠠᠨ ᠤ ᠢᠯᠡᠳᠬᠡᠮᠵᠢ ᠲᠡᠮᠳᠡᠭ᠂ ᠪᠤᠰᠤᠳ ᠭᠡᠷ ᠪᠠᠶᠢᠰᠢᠩ ᠤᠨ ᠪᠠᠷᠢᠯᠭ᠎ᠠ ᠪᠠ ᠬᠤᠳᠠ ᠶᠢᠨ | ᠶᠠᠪᠤᠳᠠᠯ ᠤᠨ ᠢᠨᠵᠧᠨᠧᠷᠢᠩ ᠤᠨ ᠦᠨᠳᠦᠰᠦᠨ ᠳᠡᠭᠡᠨ ᠬᠡᠷᠡᠭᠯᠡᠯᠲᠡ ᠳᠣᠣᠷ᠎ᠠ ︵ᠦᠭᠡᠢ︶︶ VOCs ᠠᠭᠤᠯᠤᠭᠳᠠᠴᠠ᠃ ︵ᠬᠤᠲᠠ ᠶᠢᠨ ᠠᠮᠢ ᠠᠬᠤᠶ ᠣᠷᠴᠢᠨ | ᠲᠣᠭᠤᠷᠢᠨ ᠤ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠭᠤᠷᠪᠠ᠂ ᠡᠨᠧᠷᠭᠢ ᠶᠢᠨ ᠠᠷᠢᠭᠤᠨ ᠴᠡᠪᠡᠷ ᠥᠨᠳᠥᠷ ᠪᠦᠲᠦᠮᠵᠢᠲᠡᠶ ᠬᠥᠭᠵᠢᠯᠲᠡ ᠶᠢ ᠠᠬᠢᠭᠤᠯᠤᠨ᠎ᠠ | ︵ᠵᠢᠷᠭᠤᠭ᠎ᠠ︶ ᠡᠨᠧᠷᠭᠢ ᠶᠢᠨ ᠰᠤᠷᠪᠤᠯᠵᠢ ᠶᠢᠨ ᠪᠦᠲᠦᠴᠡ ᠶᠢ ᠲᠦᠷᠭᠡᠳᠬᠡᠨ ᠲᠣᠬᠢᠷᠠᠭᠤᠯᠬᠤ ᠬᠡᠷᠡᠭᠲᠡᠶ᠃ ᠰᠠᠯᠬᠢᠨ ᠬᠦᠴᠦᠨ ᠤ ᠴᠠᠬᠢᠯᠭᠠᠨ᠂ ᠲᠥᠪᠯᠡᠷᠡᠩᠭᠦᠶ | ᠮᠠᠶ᠋ᠢᠭ ᠤᠨ ᠬᠡᠷᠡᠯ ᠸᠣᠯᠲ ᠵᠡᠷᠭᠡ ᠰᠢᠨ᠎ᠡ ᠡᠨᠧᠷᠭᠢ ᠪᠣᠯᠤᠨ ᠴᠡᠪᠡᠷ ᠡᠨᠧᠷᠭᠢ ᠶᠢ ᠬᠡᠪᠴᠢᠶᠡᠵᠢᠭᠦᠯᠦᠨ ᠨᠡᠭᠡᠭᠡᠨ ᠬᠥᠭᠵᠢᠭᠦᠯᠬᠦ ᠶᠢ ᠲᠦᠷᠭᠡᠳᠬᠡᠨ ᠠᠬᠢᠭᠤᠯᠵᠤ᠂ | ᠴᠢᠯᠠᠭᠤᠵᠢᠮᠠᠯ ᠤᠨ ᠪᠤᠰᠤ ᠡᠨᠧᠷᠭᠢ ᠶᠢᠨ ᠬᠡᠷᠡᠭᠯᠡᠭᠡ ᠶᠢᠨ ᠬᠤᠪᠢ ᠶᠢᠨ ᠵᠢᠩ ᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠤᠯᠠᠮᠵᠢᠯᠠᠯᠲᠤ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠶᠢᠨ ᠳᠡᠰ ᠳᠡᠪᠰᠢᠬᠦ ᠥᠭᠡᠷᠡᠴᠢᠯᠡᠯᠲᠡ ᠶᠢ ᠲᠦᠷᠭᠡᠳᠬᠡᠨ᠎ᠡ᠃ ᠥᠪᠡᠰᠦᠪᠡᠨ ᠪᠡᠯᠡᠳᠭᠡᠬᠦ ᠨᠡᠭᠦᠷᠡᠰᠦ ᠰᠢᠲᠠᠭᠠᠬᠤ ᠮᠠᠰᠢᠨ ᠴᠣᠭᠴᠠᠯᠠᠪᠤᠷᠢ ᠶᠢᠨ ᠴᠡᠪᠡᠷ | ᠡᠨᠧᠷᠭᠢ ᠪᠠᠷ ᠣᠷᠣᠯᠠᠭᠤᠯᠬᠤ ᠶᠢ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠵᠥᠪᠰᠢᠶᠡᠷᠡᠯ ᠤᠨ ᠬᠦᠷᠢᠶᠡᠨ ᠠᠴᠠ ᠭᠠᠳᠠᠨ᠎ᠠ ᠰᠢᠨ᠎ᠡ ︵ᠦᠷᠭᠡᠳᠭᠡᠬᠦ ᠶᠢ ᠴᠢᠩᠭ᠎ᠠ | ᠴᠠᠭᠠᠵᠠᠯᠠᠨ᠎ᠠ︶ ᠥᠪᠡᠷᠰᠡᠳ ᠢᠶᠠᠨ ᠪᠡᠯᠡᠳᠬᠡᠭᠰᠡᠨ ᠲᠦᠯᠡᠰᠢᠨ ᠨᠡᠭᠦᠷᠡᠰᠦᠨ ᠤ ᠮᠠᠰᠢᠨ ᠴᠣᠭᠴᠠᠯᠠᠪᠤᠷᠢ᠃ 2025 ᠤᠨ ᠪᠣᠯᠬᠤ ᠳᠤ᠂ ᠳᠠᠬᠢᠨ ᠡᠭᠦᠰᠴᠦ ᠪᠣᠯᠬᠤ | ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ 1900 ᠲᠦᠮᠡᠨ ᠺᠢᠯᠣᠸᠠᠲ ᠲᠤ ᠬᠦᠷᠦᠭᠦᠯᠵᠦ᠂ ᠴᠢᠯᠠᠭᠤᠵᠢᠮᠠᠯ ᠪᠤᠰᠤ ᠡᠨᠧᠷᠭᠢ ᠶᠢᠨ ᠬᠡᠷᠡᠭᠯᠡᠭᠡ ᠶᠢᠨ | ᠬᠤᠪᠢ ᠶᠢᠨ ᠵᠢᠩ᠂ ᠴᠠᠬᠢᠯᠭᠠᠨ ᠡᠨᠧᠷᠭᠢ ᠶᠢᠨ ᠠᠵᠤ ᠦᠢᠯᠡᠳᠪᠦᠷᠢ ᠶᠢᠨ ᠦᠵᠦᠭᠦᠷ ᠡᠨᠧᠷᠭᠢ ᠶᠢᠨ ᠬᠡᠷᠡᠭᠯᠡᠭᠡ ᠶᠢᠨ ᠡᠵᠡᠯᠡᠬᠦ ᠬᠤᠪᠢ ᠶᠢᠨ ᠵᠢᠩ᠂ ᠨᠡᠭᠦᠷᠡᠰᠦᠨ ᠤ | ᠬᠡᠷᠡᠭᠯᠡᠭᠡ ᠶᠢᠨ ᠪᠥᠬᠦ ᠬᠤᠲᠠ ᠶᠢᠨ ᠡᠨᠧᠷᠭᠢ ᠶᠢᠨ ᠬᠡᠷᠡᠭᠯᠡᠭᠡ ᠶᠢᠨ ᠡᠵᠡᠯᠡᠬᠦ ᠬᠤᠪᠢ ᠶᠢᠨ ᠵᠢᠩ ᠢ ᠥᠪᠡᠷᠲᠡᠭᠡᠨ ᠵᠠᠰᠠᠬᠤ ᠣᠷᠣᠨ ᠤ ᠰᠢᠯᠭᠠᠨ ᠬᠢᠨᠠᠬᠤ ᠬᠠᠷᠠᠯᠲᠠ ᠳᠤ | ᠬᠦᠷᠦᠭᠦᠯᠦᠨ᠎ᠡ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠨᠧᠷᠭᠢ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠳᠤᠯᠤᠭ᠎ᠠ︶ ᠨᠡᠭᠦᠷᠡᠰᠦ ᠰᠢᠲᠠᠭᠠᠬᠤ ᠲᠤᠭᠤᠭᠠᠳᠤ ᠵᠤᠤᠬ᠎ᠠ ᠶᠢ ᠰᠢᠭᠰᠢᠭᠳᠡᠭᠦᠯᠬᠦ ᠶᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠡᠯ᠎ᠡ | ᠬᠤᠰᠢᠭᠤ ᠰᠢᠶᠠᠨ ᠲᠣᠭᠤᠷᠢᠭ᠂ ᠪᠠᠶᠠᠨᠨᠠᠭᠤᠷ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠨᠢ ᠨᠡᠭᠦᠷᠡᠰᠦ | ᠲᠦᠯᠡᠵᠦ ᠢᠯᠴᠢ ᠬᠠᠩᠭᠠᠬᠤ ᠵᠤᠤᠬ᠎ᠠ ᠶᠢ ᠣᠷᠣᠯᠠᠭᠤᠯᠬᠤ ᠲᠥᠷᠥᠯ ᠵᠦᠢᠯ ᠢ ᠬᠤᠲᠠ ᠪᠠᠯᠭᠠᠰᠤᠨ ᠤ ᠢᠯᠴᠢ ᠬᠠᠩᠭᠠᠬᠤ ᠲᠥᠯᠥᠪᠵᠢᠭᠦᠯᠭᠡ ᠳᠤ ᠣᠷᠣᠭᠤᠯᠬᠤ | ᠬᠡᠷᠡᠭᠲᠡᠶ᠃ ᠬᠤᠰᠢᠭᠤ ᠰᠢᠶᠠᠨ ᠵᠢᠴᠢ ᠲᠡᠭᠦᠨ ᠠᠴᠠ ᠳᠡᠭᠡᠭᠰᠢᠬᠢ ᠬᠤᠲᠠ ᠶᠢᠨ ᠪᠠᠶᠢᠭᠤᠯᠤᠭᠰᠠᠨ ᠲᠣᠭᠤᠷᠢᠭ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ | ᠵᠠᠷᠴᠢᠮ ᠳᠡᠭᠡᠷ᠎ᠡ ᠪᠠᠨ ᠴᠠᠭ ᠪᠦᠷᠢ ᠵᠢᠴᠢ ᠲᠡᠭᠦᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠲᠤᠭᠤᠭᠠᠳᠤ ᠵᠤᠤᠬ᠎ᠠ ᠶᠢ 35 ᠲᠣᠨ ᠰᠢᠨ᠎ᠡ ᠪᠠᠷ ᠪᠠᠶᠢᠭᠤᠯᠬᠤ ᠦᠭᠡᠶ | ᠂ ᠪᠤᠰᠤᠳ ᠭᠠᠵᠠᠷ ᠣᠷᠣᠨ ᠳᠤ ᠵᠠᠷᠴᠢᠮ ᠳᠡᠭᠡᠷ᠎ᠡ ᠪᠠᠨ ᠴᠠᠭ ᠪᠦᠷᠢ 10 ᠲᠣᠨ ᠠᠭᠤᠷ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠲᠤᠭᠤᠭᠠᠳᠤ ᠵᠤᠤᠬ᠎ᠠ ᠶᠢ | ᠳᠠᠬᠢᠵᠤ ᠰᠢᠨ᠎ᠡ ᠪᠠᠷ ᠪᠠᠶᠢᠭᠤᠯᠬᠤ ᠦᠭᠡᠶ᠃ ᠴᠠᠬᠢᠯᠭᠠᠨ ᠬᠦᠴᠦᠨ᠂ ᠢᠯᠴᠢ ᠶᠢᠨ ᠬᠠᠩᠭᠠᠯᠭ᠎ᠠ ᠶᠢ ᠪᠠᠲᠤᠯᠠᠭᠰᠠᠨ ᠤᠷᠢᠲᠠᠯ ᠳᠣᠤᠷ᠎ᠠ᠂ 30 ᠲᠦᠮᠡᠨ ᠺᠢᠯᠣᠸᠠᠲ | ᠵᠢᠴᠢ ᠲᠡᠭᠦᠨ ᠠᠴᠠ ᠳᠡᠭᠡᠭᠰᠢᠬᠢ ᠢᠯᠴᠢ ᠴᠠᠬᠢᠯᠭᠠᠨ ᠤ ᠬᠠᠮᠲᠤᠷᠠᠨ ᠦᠢᠯᠡᠳᠪᠦᠷᠢᠯᠡᠬᠦ ᠮᠠᠰᠢᠨ ᠴᠣᠭᠴᠠᠯᠠᠪᠤᠷᠢ ᠶᠢᠨ ᠢᠯᠴᠢ ᠬᠠᠩᠭᠠᠬᠤ ᠷᠠᠳᠢᠦ᠋ᠰ ᠨᠢ 15 | ᠺᠢᠯᠣᠮᠧᠲᠷ ᠤᠨ ᠬᠡᠪᠴᠢᠶᠡᠨ ᠳᠣᠲᠣᠷ᠎ᠠ ᠨᠡᠭᠦᠷᠡᠰᠦ ᠲᠦᠯᠡᠵᠦ ᠢᠯᠴᠢ ᠬᠠᠩᠭᠠᠬᠤ ᠵᠤᠤᠬ᠎ᠠ ᠶᠢ ᠬᠠᠭᠠᠵᠤ ᠵᠣᠭᠰᠣᠭᠠᠨ ᠡᠮᠬᠢᠯᠡᠨ ᠨᠡᠶᠢᠯᠡᠭᠦᠯᠬᠦ ᠶᠢ ᠲᠦᠷᠭᠡᠳᠬᠡᠨ | ᠠᠬᠢᠭᠤᠯᠤᠨ᠎ᠠ᠃ ︵ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠨᠠᠢᠮᠠ︶ ᠠᠵᠤ ᠦᠢᠯᠡᠳᠪᠦᠷᠢ ᠶᠢᠨ ᠵᠤᠤᠬ᠎ᠠ ᠶᠢᠨ ᠴᠡᠪᠡᠷ ᠡᠨᠧᠷᠭᠢ ᠶᠢ ᠣᠷᠤᠯᠠᠬᠤ ᠶᠢ ᠬᠡᠷᠡᠭᠵᠢᠭᠦᠯᠦᠨ᠎ᠡ᠃ ᠴᠠᠬᠢᠯᠭᠠᠨ ᠢᠶᠠᠷ ᠨᠡᠭᠦᠷᠡᠰᠦ ᠶᠢ | ᠣᠷᠣᠯᠠᠭᠤᠯᠬᠤ ᠶᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠬᠡᠢ ᠪᠠᠷ ᠨᠡᠭᠦᠷᠡᠰᠦ ᠶᠢ | ᠣᠷᠣᠯᠠᠭᠤᠯᠬᠤ ᠶᠢ ᠢᠳᠡᠪᠬᠢᠲᠡᠶ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠪᠣᠬᠢᠷᠲᠤᠯ ᠶᠡᠬᠡᠲᠡᠶ ᠲᠦᠯᠡᠰᠢ ᠬᠡᠷᠡᠭᠯᠡᠵᠦ ᠪᠠᠶᠢᠭ᠎ᠠ ᠠᠵᠤ ᠦᠢᠯᠡᠳᠪᠦᠷᠢ ᠶᠢᠨ | ᠵᠤᠤᠬ᠎ᠠ ᠶᠢ ᠠᠵᠤ ᠦᠢᠯᠡᠳᠪᠦᠷᠢ ᠶᠢᠨ ᠦᠯᠡᠳᠡᠪᠦᠷᠢ ᠢᠯᠴᠢ᠂ ᠴᠠᠬᠢᠯᠭᠠᠨ ᠡᠨᠧᠷᠭᠢ᠂ ᠪᠠᠶᠢᠭᠠᠯᠢ ᠶᠢᠨ ᠰᠢᠲᠠᠮᠠᠬᠠᠶ ᠬᠡᠢ ᠵᠡᠷᠭᠡ ᠶᠢ ᠥᠭᠡᠷᠡᠴᠢᠯᠡᠨ ᠬᠡᠷᠡᠭᠯᠡᠨ᠎ᠡ᠃ ︵ | ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠶ ᠣᠷᠴᠢᠨ | ᠲᠣᠭᠤᠷᠢᠨ ᠤ ᠲᠣᠪᠴᠢᠶ᠎ᠠ᠂ ᠡᠨᠧᠷᠭᠢ ᠶᠢᠨ ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠶᠢᠰᠦ︶ ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠤᠨ᠎ᠠ᠃ ᠬᠡᠷᠡᠭᠵᠢᠭᠦᠯᠬᠦ ᠲᠥᠰᠦᠯ ᠶᠣᠰᠣᠭᠠᠷ᠂ ᠢᠯᠴᠢ | ᠡᠭᠦᠰᠭᠡᠭᠴᠢ ᠶᠢᠨ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ᠂ ᠲᠥᠪᠯᠡᠷᠡᠭᠦᠯᠦᠨ ᠢᠯᠴᠢ ᠬᠠᠩᠭᠠᠬᠤ ᠬᠤᠭᠤᠯᠠᠶ ᠶᠢᠨ ᠲᠣᠤᠷ ᠢ ᠤᠷᠲᠤᠳᠬᠠᠬᠤ᠂ | ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠵᠢᠴᠢ ᠪᠠᠷᠢᠯᠭ᠎ᠠ ᠶᠢᠨ ᠡᠨᠧᠷᠭᠢ ᠶᠢᠨ ᠦᠷ᠎ᠡ ᠠᠰᠢᠭ ᠢ ᠳᠡᠭᠡᠭᠰᠢᠯᠡᠭᠦᠯᠬᠦ ᠢᠨᠵᠧᠨᠧᠷᠢᠩ ᠢ ᠯᠠᠪᠳᠠᠭᠤᠨ ᠪᠠᠲᠤᠲᠠᠶ | ᠠᠬᠢᠭᠤᠯᠵᠤ᠂ ᠤᠮᠠᠷᠠᠲᠤ ᠣᠷᠣᠨ ᠤ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠲᠤᠷᠰᠢᠯᠲᠠ ᠶᠢᠨ ᠲᠥᠷᠥᠯ ᠵᠦᠢᠯ ᠢ ᠪᠥᠬᠦ ᠲᠠᠯ᠎ᠠ ᠪᠠᠷ ᠪᠡᠶᠡᠯᠡᠭᠦᠯᠵᠦ᠂ | ᠨᠡᠭᠦᠷᠡᠰᠦ ᠶᠢ ᠴᠠᠬᠢᠯᠭᠠᠨ ᠴᠠᠬᠢᠯᠭᠠᠨ ᠤ ᠦᠨ᠎ᠡ ᠶᠢ ᠥᠭᠡᠷᠡᠴᠢᠯᠡᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠢᠯᠴᠢ ᠶᠢᠨ | ᠢᠷᠡᠯᠲᠡ ᠶᠢ ᠴᠡᠪᠡᠷᠰᠢᠭᠦᠯᠬᠦ ᠨᠣᠷᠮ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠦᠨᠡᠨᠬᠦ ᠪᠠᠲᠤᠯᠠᠨ᠎ᠠ᠃ | ᠲᠠᠸᠠᠷ ᠤᠨ ᠨᠡᠭᠦᠷᠡᠰᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠷᠢᠮᠵᠢᠶ᠎ᠠ ᠶᠢᠨ ᠱᠠᠭᠠᠷᠳᠠᠯᠭ᠎ᠠ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ | ᠃ ︵ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠳᠥᠷᠪᠡ᠂ ᠵᠠᠮ ᠬᠠᠷᠢᠯᠴᠠᠭ᠎ᠠ ᠶᠢᠨ ᠪᠣᠬᠢᠷᠳᠦᠯ ᠦᠭᠡᠢ ᠨᠡᠬᠦᠷᠡᠰᠦᠳᠦ᠋ᠷᠦᠭᠴᠢ ᠪᠠᠭ᠎ᠠ ᠭᠠᠳ᠋ᠬᠠᠰᠢᠯᠠᠭᠤᠯᠬᠤ ᠭᠡᠯᠪᠡᠷᠢ ᠪᠠᠨ ᠬᠤᠪᠢᠷᠡᠭᠤᠯᠬᠤ ᠶᠢ ᠠᠬᠢᠭᠤᠯᠥᠨ᠎ᠠ | ︵ᠠᠷᠪᠠ︶ ᠪᠠᠷᠠᠭ᠎ᠠ ᠶᠢᠨ ᠲᠡᠭᠡᠭᠡᠪᠦᠷᠢ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠦᠨ ᠲᠣᠬᠢᠷᠠᠭᠤᠯᠤᠨ᠎ᠠ᠃ ᠪᠥᠭᠡᠮ ᠪᠠᠷᠠᠭ᠎ᠠ ᠶᠢᠨ ᠳᠤᠮᠳᠠ ᠬᠤᠯᠠ | ᠵᠠᠶᠢᠲᠠᠶ ᠲᠡᠭᠡᠭᠡᠪᠦᠷᠢ ᠳᠤ ᠤᠷᠢᠳᠠᠪᠠᠷ ᠲᠡᠮᠦᠷ ᠵᠠᠮ ᠢᠶᠠᠷ ᠲᠡᠭᠡᠭᠡᠪᠦᠷᠢᠯᠡᠵᠦ᠂ ᠣᠶᠢᠷ᠎ᠠ ᠵᠠᠶ ᠲᠠᠢ ᠲᠡᠭᠡᠭᠡᠪᠦᠷᠢ ᠳᠤ ᠪᠢᠲᠡᠭᠦᠦ ᠬᠡᠯᠪᠡᠷᠢ ᠶᠢᠨ ᠪᠦᠰᠡ ᠪᠦᠰᠡ ᠶᠢᠨ ᠬᠤᠩᠭᠢᠯ | ᠂ ᠬᠤᠭᠤᠯᠠᠶ ᠪᠤᠶᠤ ᠰᠢᠨ᠎ᠡ ᠡᠨᠧᠷᠭᠢ ᠶᠢᠨ ᠲᠡᠷᠭᠡ ᠶᠢ ᠡᠩ ᠲᠡᠷᠢᠭᠦᠨ ᠳᠤ ᠬᠡᠷᠡᠭᠯᠡᠬᠦ ᠬᠡᠷᠡᠭᠲᠡᠶ᠃ ᠠᠷᠢᠭᠤᠨ ᠴᠡᠪᠡᠷ ᠲᠡᠭᠡᠭᠡᠪᠦᠷᠢ ᠶᠢ ᠨᠡᠭᠦᠷᠡᠰᠦᠨ ᠠᠭᠤᠷᠬᠠᠶ᠂ ᠪᠣᠯᠣᠳ | ᠲᠡᠮᠦᠷ᠂ ᠢᠯᠴᠢ ᠶᠢᠨ ᠴᠠᠬᠢᠯᠭᠠᠨ᠂ ᠥᠩᠭᠡᠲᠦ ᠲᠡᠮᠦᠷᠯᠢᠭ᠂ ᠬᠡᠦᠷᠰᠢᠭᠦᠯᠬᠦ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠵᠡᠷᠭᠡ ᠠᠵᠢᠯ ᠲᠥᠷᠥᠯ ᠤᠨ ᠰᠢᠨ᠎ᠡ ᠪᠠᠷ | ᠥᠭᠡᠷᠡᠴᠢᠯᠡᠨ ᠥᠷᠭᠡᠳᠬᠡᠨ ᠪᠠᠶᠢᠭᠤᠯᠬᠤ ᠲᠥᠷᠥᠯ ᠵᠦᠢᠯ ᠢ ᠬᠢᠨᠠᠨ ᠬᠠᠷᠭᠤᠭᠤᠯᠬᠤ ᠪᠠ ᠬᠢᠨᠠᠨ ᠬᠠᠮᠢᠶᠠᠷᠬᠤ ᠭᠤᠤᠯᠳᠠᠯᠭ᠎ᠠ ᠪᠣᠯᠭᠠᠬᠤ ᠶᠢ ᠬᠠᠶᠢᠨ ᠰᠦᠪᠡᠭᠴᠢᠯᠡᠨ᠎ᠡ᠃ | ᠶᠡᠭᠡ ᠬᠡᠮᠵᠢᠶᠡᠨ ᠤ ᠪᠠᠷᠠᠭ᠎ᠠ ᠶᠢᠨ ᠲᠡᠭᠡᠭᠡᠪᠦᠷᠢ ᠶᠢᠨ ᠣᠨ ᠤ 150 ᠲᠦᠮᠡᠨ ᠲᠣᠨ ᠠᠴᠠ ᠳᠡᠭᠡᠭᠰᠢᠬᠢ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠲᠣᠭᠤᠷᠢᠭ᠂ | ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠪᠣᠯᠤᠨ ᠨᠡᠭᠦᠷᠡᠰᠦ ᠬᠠᠳᠠᠭᠠᠯᠠᠬᠤ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠬᠤ ᠪᠠ ᠨᠡᠭᠦᠯᠭᠡᠨ ᠪᠠᠶᠢᠭᠤᠯᠵᠤ᠂ | ᠵᠠᠷᠴᠢᠮ ᠳᠡᠭᠡᠷ᠎ᠡ ᠪᠠᠨ ᠲᠡᠮᠦᠷ ᠵᠠᠮ ᠤᠨ ᠲᠤᠰᠬᠠᠶ ᠱᠤᠭᠤᠮ ᠪᠤᠶᠤ ᠬᠤᠭᠤᠯᠠᠶ ᠳᠤ ᠵᠠᠯᠭᠠᠵᠤ ᠣᠷᠣᠭᠤᠯᠤᠨ᠎ᠠ᠃ 2025 ᠤᠨ ᠪᠣᠯᠬᠤ ᠳᠤ᠂ ᠪᠥᠬᠦ ᠬᠤᠲᠠ ᠶᠢᠨ | ᠲᠡᠮᠦᠷ ᠵᠠᠮ ᠤᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠶᠢ 2020 ᠣᠨ ᠤ ᠬᠢ ᠠᠴᠠ ᠵᠠᠭᠤᠨ ᠤ ᠬᠠᠷᠢᠴᠠᠯ ᠢᠶᠠᠷ ᠨᠡᠮᠡᠭᠳᠡᠭᠦᠯᠵᠦ᠂ 500 ᠺᠢᠯᠣᠮᠧᠲᠷ ᠠᠴᠠ ᠳᠡᠭᠡᠭᠰᠢ | ᠮᠤᠵᠢ ︵ᠣᠷᠣᠨ᠂ ᠬᠤᠲᠠ ᠲᠣᠭᠤᠷᠢᠭ︶ ᠠᠯᠤᠰᠯᠠᠨ᠎ᠠ᠃︶ ᠭᠠᠳᠠᠭᠰᠢ ᠲᠡᠭᠡᠭᠡᠪᠦᠷᠢᠯᠡᠭᠰᠡᠨ ᠨᠡᠭᠦᠷᠡᠰᠦ ᠪᠣᠯᠤᠨ ᠬᠡᠦᠷᠡᠰᠦ ᠶᠢ ᠲᠡᠮᠦᠷ ᠵᠠᠮ ᠤᠨ ᠲᠡᠭᠡᠭᠡᠪᠦᠷᠢ ᠶᠢᠨ | ᠬᠠᠷᠢᠴᠠᠯ ᠢ ᠥᠪᠡᠷᠲᠡᠭᠡᠨ ᠵᠠᠰᠠᠬᠤ ᠣᠷᠣᠨ ᠤ ᠬᠢᠨᠠᠨ ᠰᠢᠯᠭᠠᠬᠤ ᠬᠠᠷᠠᠯᠲᠠ ᠳᠤ ᠬᠦᠷᠦᠭᠦᠯᠬᠦ ᠬᠡᠷᠡᠭᠲᠡᠶ᠃ ︵ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠨᠢᠭᠡ︶ ᠮᠠᠰᠢᠨ ᠲᠡᠷᠭᠡ ᠶᠢ ᠴᠡᠪᠡᠷᠵᠢᠭᠦᠯᠬᠦ ᠬᠢᠷᠢ ᠬᠡᠮᠵᠢᠶ᠎ᠡ ᠶᠢ ᠲᠦᠷᠭᠡᠳᠬᠡᠨ ᠳᠡᠭᠡᠭᠰᠢᠯᠡᠭᠦᠯᠦᠨ᠎ᠡ᠃ ︽ᠣᠯᠠᠨ ᠨᠡᠶᠢᠲᠡ ᠶᠢᠨ ᠬᠦᠷᠢᠶ᠎ᠡ | ᠴᠠᠷᠠᠭ᠎ᠠ ᠳᠤ ᠤᠷᠢᠳᠠᠪᠠᠷ ᠬᠡᠷᠡᠭᠵᠢᠭᠦᠯᠬᠦ᠂ ᠭᠤᠤᠯᠳᠠᠯᠭ᠎ᠠ ᠲᠠᠢ ᠣᠷᠣᠨ ᠪᠦᠰᠡ ᠶᠢ ᠤᠷᠢᠳᠠᠪᠠᠷ ᠬᠡᠷᠡᠭᠵᠢᠭᠦᠯᠬᠦ᠂ ᠭᠤᠤᠯᠳᠠᠯᠭ᠎ᠠ ᠲᠠᠢ ᠠᠵᠤ ᠠᠬᠤᠶᠢᠯᠠᠯ ᠢ ᠤᠷᠢᠳᠠᠪᠠᠷ | ᠬᠡᠷᠡᠭᠵᠢᠭᠦᠯᠬᠦ᠂ ᠭᠤᠤᠯᠳᠠᠯᠭ᠎ᠠ ᠲᠠᠢ ᠢᠨᠵᠧᠨᠧᠷᠢᠩ ᠢ ᠤᠷᠢᠳᠠᠪᠠᠷ ᠬᠡᠷᠡᠭᠵᠢᠭᠦᠯᠬᠦ︾ ᠵᠠᠷᠴᠢᠮ ᠤᠨ ᠶᠣᠰᠣᠭᠠᠷ᠂ ᠭᠠᠯ ᠴᠠᠬᠢᠯᠭᠠᠨ᠂ ᠪᠣᠯᠣᠳ ᠲᠡᠮᠦᠷ᠂ ᠨᠡᠭᠦᠷᠡᠰᠦ᠂ | ᠬᠡᠦᠷᠰᠢᠭᠦᠯᠬᠦ᠂ ᠥᠩᠭᠡᠲᠦ ᠲᠡᠮᠦᠷᠯᠢᠭ ᠱᠦᠢᠨᠢ ᠵᠡᠷᠭᠡ ᠠᠵᠢᠯ ᠲᠥᠷᠥᠯ ᠪᠣᠯᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠲᠤ ︽ᠰᠢᠨ᠎ᠡ ᠡᠨᠧᠷᠭᠢ ᠶᠢᠨ | ᠬᠦᠨᠳᠦ ᠠᠴᠢᠶᠠᠨ ᠤ ᠮᠠᠰᠢᠨ ᠢ ᠴᠤᠭᠯᠠᠷᠠᠯ ᠪᠣᠯᠭᠠᠨ ᠥᠭᠡᠷᠡᠴᠢᠯᠡᠬᠦ︾ ᠲᠡᠭᠡᠭᠡᠪᠦᠷᠢ ᠶᠢᠨ ᠵᠠᠭᠪᠤᠷ ᠢ ᠳᠡᠯᠭᠡᠷᠡᠭᠦᠯᠬᠦ ᠬᠡᠷᠡᠭᠲᠡᠶ᠃ ᠯᠢᠨ ᠾᠧ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢᠨ ᠲᠣᠭᠤᠷᠢᠭ ᠤᠨ ᠰᠢᠨ᠎ᠡ ᠪᠠᠷ ᠨᠡᠮᠡᠭᠳᠡᠭᠰᠡᠨ ᠪᠠ ᠰᠢᠨᠡᠳᠬᠡᠭᠰᠡᠨ ᠨᠡᠶᠢᠲᠡ ᠶᠢᠨ ᠵᠠᠮ ᠬᠠᠷᠢᠯᠴᠠᠭ᠎ᠠ᠂ ᠣᠷᠴᠢᠨ ᠲᠣᠭᠤᠷᠢᠨ ᠤ ᠠᠷᠢᠭᠤᠨ ᠴᠡᠪᠡᠷ᠂ | ᠲᠦᠷᠢᠶᠡᠰᠦᠯᠡᠬᠦ᠂ ᠠᠵᠢᠯ ᠳᠤ ᠭᠠᠷᠬᠤ ᠠᠵᠢᠯ ᠳᠤ ᠣᠷᠣᠯᠴᠠᠬᠤ᠂ ᠬᠥᠩᠭᠡᠨ ᠬᠡᠯᠪᠡᠷᠢ ᠶᠢᠨ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠡᠷᠭᠡ ᠬᠥᠰᠬᠡ ᠳᠤ | ᠤᠷᠢᠳᠠᠪᠠᠷ ᠰᠢᠨ᠎ᠡ ᠡᠨᠧᠷᠭᠢ᠂ ᠴᠡᠪᠡᠷ ᠡᠨᠧᠷᠭᠢ ᠶᠢᠨ ᠮᠠᠰᠢᠨ ᠲᠡᠷᠭᠡ ᠶᠢ ᠬᠡᠷᠡᠭᠯᠡᠨ᠎ᠡ᠃ ᠮᠠᠰᠢᠨᠲᠤ ᠲᠡᠷᠭᠡᠨ ᠤ ᠭᠠᠳᠠᠭᠰᠢᠯᠠᠭᠤᠯᠤᠯᠲᠠ ᠶᠢ ᠰᠢᠯᠭᠠᠨ ᠪᠠᠶᠢᠴᠠᠭᠠᠬᠤ | ᠰᠢᠰᠲ᠋ᠧᠮ᠂ ᠮᠠᠰᠢᠨᠲᠤ ᠲᠡᠷᠭᠡᠨ ᠤ ᠠᠯᠤᠰ ᠰᠡᠷᠡᠯ ᠤᠨ ᠬᠠᠷ᠎ᠠ ᠲᠠᠮᠠᠬᠢ ᠶᠢ ᠬᠢᠨᠠᠨ ᠬᠡᠮᠵᠢᠵᠦ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ | ᠰᠢᠰᠲ᠋ᠧᠮ ᠢ ᠭᠦᠢᠴᠡᠳ ᠠᠰᠢᠭᠯᠠᠨ᠂ ᠮᠠᠰᠢᠨᠲᠤ ᠲᠡᠷᠭᠡᠨ ᠤ ᠭᠠᠳᠠᠭᠰᠢᠯᠠᠭᠤᠯᠤᠯᠲᠠ ᠶᠢ ᠬᠢᠨᠠᠨ ᠡᠵᠡᠮᠳᠡᠬᠦ ᠠᠵᠢᠯ ᠢ ᠪᠦᠬᠦ ᠲᠠᠯ᠎ᠠ ᠪᠠᠷ ᠥᠷᠨᠢᠭᠦᠯᠦᠨ᠎ᠡ᠃ ᠴᠠᠶᠢᠶ᠋ᠢᠦ | ᠲᠣᠰᠣᠨ ᠤ ᠪᠠᠷᠠᠭᠠᠨ ᠤ ᠲᠡᠷᠭᠡ ᠶᠢᠨ ᠵᠠᠮ ᠤᠨ ᠪᠠᠶᠢᠴᠠᠭᠠᠯᠲᠠ ᠶᠢᠨ ᠵᠠᠮ ᠤᠨ ᠪᠠᠶᠢᠴᠠᠭᠠᠯᠲᠠ ᠵᠢᠴᠢ ᠰᠡᠭᠦᠯ ᠪᠠᠶᠢᠴᠠᠭᠠᠬᠤ ᠪᠠᠶᠢᠭᠤᠯᠤᠮᠵᠢ ᠶᠢᠨ ᠬᠢᠨᠠᠯᠲᠠ ᠲᠠᠯᠪᠢᠵᠤ | ᠰᠤᠭᠤᠴᠢᠨ ᠪᠠᠶᠢᠴᠠᠭᠠᠬᠤ ᠠᠵᠢᠯ ᠢ ᠰᠠᠷ᠎ᠠ ᠪᠦᠷᠢ 3 ᠤᠳᠠᠭ᠎ᠠ ᠠᠴᠠ ᠳᠤᠲᠠᠭᠤ ᠪᠠᠶᠢᠯᠭᠠᠵᠤ ᠪᠣᠯᠬᠤ ᠦᠭᠡᠶ᠃ I/M ᠲᠦᠷᠢᠮ ᠢ ᠴᠢᠩᠭ᠎ᠠ ᠬᠡᠷᠡᠭᠵᠢᠭᠦᠯᠵᠦ᠂ | ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ ᠤᠳ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠲᠣᠭᠲᠠᠮᠠᠯ ᠬᠤᠭᠤᠴᠠᠭ᠎ᠠ ᠲᠠᠢ ᠪᠠᠷ | ᠬᠦᠷᠭᠡᠭᠰᠡᠨ ᠰᠡᠭᠦᠳᠡᠷᠯᠡᠭᠰᠡᠨ ᠦᠷ᠎ᠡ ᠳ᠋ᠦᠩ ᠢ ᠦᠨᠳᠦᠰᠦᠯᠡᠨ᠂ ᠵᠠᠮ ᠬᠠᠷᠢᠯᠴᠠᠭᠠᠨ ᠤ ᠰᠠᠯᠠᠭ᠎ᠠ ᠮᠥᠴᠢᠷ ᠲᠠᠢ ᠬᠠᠮᠲᠤᠷᠠᠨ ᠬᠠᠷ᠎ᠠ ᠲᠠᠮᠠᠬᠢ ᠲᠡᠷᠭᠡ ᠬᠥᠰᠬᠡ ᠶᠢ | ᠠᠯᠪᠠᠳᠠᠯᠭ᠎ᠠ ᠪᠠᠷ ᠪᠠᠶᠢᠴᠠᠭᠠᠨ ᠬᠡᠮᠵᠢᠬᠦ ᠶᠢ ᠬᠡᠷᠡᠭᠵᠢᠭᠦᠯᠵᠦ᠂ ᠴᠡᠭ ᠲᠣᠭᠲᠠᠭᠠᠭᠰᠠᠨ M ᠥᠷᠲᠡᠭᠡ ᠪᠠᠷ ᠳᠠᠮᠵᠢᠭᠤᠯᠤᠨ ᠲᠡᠷᠭᠡ ᠬᠥᠰᠬᠡ ᠶᠢ ᠬᠠᠮᠠᠭᠠᠯᠠᠬᠤ ᠪᠠ I | ᠥᠷᠲᠡᠭᠡ ᠶᠢᠨ ᠰᠢᠯᠭᠠᠨ ᠪᠠᠶᠢᠴᠠᠭᠠᠵᠤ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠶᠢ ᠪᠡᠶᠡᠯᠡᠭᠦᠯᠦᠭᠰᠡᠨ ᠤ ᠳᠠᠷᠠᠭ᠎ᠠ ᠰᠠᠶ᠋ᠢ ᠵᠠᠮ ᠳᠤ ᠣᠷᠣᠭᠤᠯᠤᠨ ᠶᠠᠪᠤᠭᠤᠯᠵᠤ | ᠂ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠦᠨᠡᠨᠬᠦ ᠪᠡᠶᠡᠯᠡᠭᠦᠯᠬᠦ ᠬᠡᠷᠡᠭᠲᠡᠶ᠃ 2025 ᠤᠨ ᠪᠣᠯᠬᠤ ᠳᠤ᠂ ᠰᠢᠨ᠎ᠡ ᠡᠨᠧᠷᠭᠢ ᠪᠠ ᠤᠯᠤᠰ ᠤᠨ ᠵᠢᠷᠭᠤᠳᠤᠭᠠᠷ | ᠪᠣᠬᠢᠷᠲᠤᠯ ᠭᠠᠳᠠᠭᠰᠢᠯᠠᠭᠤᠯᠬᠤ ᠪᠠᠷᠢᠮᠵᠢᠶ᠎ᠠ ᠶᠢᠨ ᠪᠠᠷᠠᠭᠠᠨ ᠤ ᠲᠡᠷᠭᠡ ᠶᠢᠨ ᠪᠠᠲᠤᠯᠠᠬᠤ ᠬᠡᠮᠵᠢᠶᠡᠨ ᠤ ᠡᠵᠡᠯᠡᠬᠦ ᠬᠠᠷᠢᠴᠠᠯ ᠢ ᠥᠪᠡᠷᠲᠡᠭᠡᠨ ᠵᠠᠰᠠᠬᠤ ᠣᠷᠣᠨ ᠤ ᠬᠢᠨᠠᠨ | ᠰᠢᠯᠭᠠᠬᠤ ᠬᠠᠷᠠᠯᠲᠠ ᠳᠤ ᠬᠦᠷᠦᠭᠦᠯᠦᠨ᠎ᠡ︔ ᠰᠢᠨ᠎ᠡ ᠡᠨᠧᠷᠭᠢ ᠵᠢᠴᠢ ᠴᠡᠪᠡᠷ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡᠨ ᠤ ᠬᠠᠷᠢᠴᠠᠯ ᠢ 90% ᠳᠤ ᠬᠦᠷᠦᠭᠦᠯᠦᠨ᠎ᠡ | ︔ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠤᠨ ᠲᠦᠷᠭᠡᠨ ᠳᠠᠪᠬᠢᠬᠤ ᠥᠷᠲᠡᠭᠡ ᠶᠢᠨ ᠪᠦᠷᠬᠦᠴᠡ ᠶᠢᠨ ᠨᠣᠷᠮ᠎ᠠ ᠶᠢ 100% ᠳᠤ | ᠬᠦᠷᠦᠭᠦᠯᠦᠨ᠎ᠡ︔ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠶᠢᠨ ᠭᠠᠳᠠᠭᠰᠢᠯᠠᠭᠤᠯᠤᠯᠲᠠ ᠶᠢ ᠪᠠᠶᠢᠴᠠᠭᠠᠨ ᠰᠢᠯᠭᠠᠬᠤ ᠳᠤ ᠬᠢᠷᠢ ᠲᠡᠩᠴᠡᠭᠰᠡᠨ ᠨᠣᠷᠮ᠎ᠠ ᠶᠢ ᠪᠠᠲᠤᠯᠠᠬᠤ | ᠬᠡᠮᠵᠢᠶᠡᠨ ᠤ 80% ᠳᠤ ᠬᠦᠷᠦᠭᠦᠯᠦᠨ᠎ᠡ᠃ ︵ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ ᠵᠡᠷᠭᠡ ᠨᠢ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠬᠤᠶᠠᠷ︶ ᠵᠠᠮ ᠬᠠᠷᠢᠯᠴᠠᠭᠠᠨ ᠤ ᠪᠤᠰᠤ ᠰᠢᠯᠵᠢᠮᠡᠯ ᠡᠬᠢ ᠰᠤᠷᠪᠤᠯᠵᠢ ᠶᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠨ᠎ᠠ᠃ ᠵᠠᠮ ᠬᠠᠷᠢᠯᠴᠠᠭᠠᠨ ᠤ | ᠪᠤᠰᠤ ᠰᠢᠯᠵᠢᠮᠡᠯ ᠮᠠᠰᠢᠨ ᠤ ᠭᠠᠳᠠᠭᠰᠢᠯᠠᠭᠤᠯᠤᠯᠲᠠ ᠶᠢ ᠡᠵᠡᠮᠳᠡᠬᠦ ᠣᠷᠣᠨ ᠤ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠵᠤ᠂ ᠵᠠᠮ ᠬᠠᠷᠢᠯᠴᠠᠭᠠᠨ ᠤ ᠪᠤᠰᠤ ᠰᠢᠯᠵᠢᠮᠡᠯ | ᠮᠠᠰᠢᠨ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠨ᠎ᠡ᠃ ᠡᠯ᠎ᠡ ᠱᠠᠲᠤᠨ ᠤ ᠬᠢᠨᠠᠨ ᠬᠠᠮᠢᠶᠠᠷᠬᠤ ᠰᠠᠯᠠᠭ᠎ᠠ ᠮᠥᠴᠢᠷ ᠤᠳ ᠠᠵᠤ ᠠᠬᠤᠶᠢᠯᠠᠯ᠂ ᠵᠠᠮ᠂ | ᠪᠠᠷᠢᠯᠭ᠎ᠠ ᠶᠢᠨ ᠭᠠᠵᠠᠷ᠂ ᠤᠰᠤᠨ ᠠᠰᠢᠭᠯᠠᠯᠲᠠ ᠶᠢᠨ ᠪᠠᠷᠢᠯᠭ᠎ᠠ᠂ ᠲᠠᠷᠢᠵᠤ ᠲᠡᠵᠢᠭᠡᠨ ᠦᠷᠡᠵᠢᠭᠦᠯᠬᠦ ᠦᠢᠯᠡᠰ ᠵᠡᠷᠭᠡ ᠠᠵᠢᠯᠯᠠᠬᠤ ᠲᠠᠯᠠᠪᠤᠷ ᠤᠨ ᠬᠡᠷᠡᠭᠯᠡᠬᠦ ᠵᠠᠮ | ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠢ ᠳᠠᠩᠰᠠᠯᠠᠨ ᠲᠡᠮᠳᠡᠭᠯᠡᠬᠦ ᠶᠢ ᠰᠢᠮᠳᠠᠭᠤᠯᠵᠤ᠂ 2025 ᠤᠨ ᠪᠣᠯᠬᠤ ᠳᠤ᠂ ᠬᠤᠲᠠ ᠲᠣᠭᠤᠷᠢᠭ ᠤᠨ ᠪᠠᠷᠢᠯᠭ᠎ᠠ ᠶᠢᠨ | ᠮᠠᠰᠢᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳ᠋ᠤᠭᠠᠷᠯᠠᠨ ᠳᠠᠩᠰᠠᠯᠠᠬᠤ ᠭᠤᠷᠪᠠᠨ ᠱᠠᠲᠤᠨ ᠤ ᠰᠦᠯᠵᠢᠶᠡᠵᠢᠭᠦᠯᠬᠦ ᠶᠢ ᠪᠡᠶᠡᠯᠡᠭᠦᠯᠦᠨ᠎ᠡ᠃ ᠵᠠᠮ ᠬᠠᠷᠢᠯᠴᠠᠭᠠᠨ ᠤ | ᠪᠤᠰᠤ ᠰᠢᠯᠵᠢᠮᠡᠯ ᠮᠠᠰᠢᠨ ᠮᠧᠬᠠᠨᠢᠭ ᠤᠨ ᠬᠡᠢ ᠶᠢᠨ ᠭᠠᠳᠠᠭᠰᠢᠯᠠᠭᠤᠯᠤᠯᠲᠠ ᠶᠢᠨ ᠣᠨ ᠤ ᠰᠤᠭᠤᠴᠢᠨ ᠪᠠᠶᠢᠴᠠᠭᠠᠵᠤ ᠰᠤᠭᠤᠴᠢᠨ ᠬᠡᠮᠵᠢᠬᠦ ᠬᠠᠷᠢᠴᠠᠯ ᠢ ᠪᠦᠬᠦ | ᠬᠤᠲᠠ ᠶᠢᠨ ᠬᠠᠳᠠᠭᠠᠯᠠᠯᠲᠠ ᠶᠢᠨ ᠬᠡᠮᠵᠢᠶ᠎ᠡ ᠶᠢᠨ 80% ᠠᠴᠠ ᠳᠣᠤᠷ᠎ᠠ ᠪᠠᠶᠢᠯᠭᠠᠵᠤ ᠪᠣᠯᠬᠤ ᠦᠭᠡᠶ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠯᠭᠠᠨ | ᠪᠠᠶᠢᠴᠠᠭᠠᠯᠲᠠ ᠳᠤ ᠬᠢᠷᠢ ᠲᠡᠩᠴᠡᠭᠰᠡᠨ ᠲᠡᠮᠳᠡᠭ ᠢ ᠣᠯᠤᠭᠰᠠᠨ ᠤ ᠳᠠᠷᠠᠭ᠎ᠠ ᠰᠠᠶ᠋ᠢ ᠠᠰᠢᠭᠯᠠᠯᠲᠠ ᠳᠤ ᠣᠷᠣᠭᠤᠯᠤᠨ ᠬᠡᠷᠡᠭᠯᠡᠵᠦ᠂ ᠬᠡᠢ ᠭᠠᠳᠠᠭᠰᠢᠯᠠᠭᠤᠯᠬᠤ | ᠬᠤᠭᠤᠯᠠᠶ ᠶᠢᠨ ᠠᠮᠠᠰᠠᠷ ᠬᠠᠷ᠎ᠠ ᠣᠲᠤᠭ᠎ᠠ ᠭᠠᠷᠭᠠᠬᠤ ᠦᠵᠡᠭᠳᠡᠯ ᠢ ᠦᠨᠳᠦᠰᠦᠨ ᠳᠡᠭᠡᠨ ᠠᠷᠢᠯᠭᠠᠵᠤ᠂ ᠨᠢᠭᠡᠳᠦᠭᠡᠷ ᠱᠠᠲᠤ ᠦᠶ᠎ᠡ ᠵᠢᠴᠢ ᠲᠡᠭᠦᠨ ᠠᠴᠠ ᠳᠣᠷᠣᠭᠰᠢᠬᠢ | ᠭᠠᠳᠠᠭᠰᠢᠯᠠᠭᠤᠯᠬᠤ ᠪᠠᠷᠢᠮᠵᠢᠶ᠎ᠠ ᠶᠢᠨ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠢ ᠦᠨᠳᠦᠰᠦᠨ ᠳᠡᠭᠡᠨ ᠰᠢᠭᠰᠢᠭᠳᠡᠭᠦᠯᠦᠨ᠎ᠡ᠃ ︽ᠪᠠᠶᠠᠨᠨᠠᠭᠤᠷ ᠬᠤᠲᠠ ᠶᠢᠨ | ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾ ᠵᠡᠷᠭᠡ ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠪᠠᠷᠢᠮᠵᠢᠶ᠎ᠠ ᠠᠴᠠ ᠬᠡᠲᠦᠷᠡᠭᠦᠯᠦᠨ | ᠭᠠᠳᠠᠭᠰᠢᠯᠠᠭᠤᠯᠬᠤ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠮᠧᠬᠠᠨᠢᠭ ᠢ ᠬᠡᠷᠡᠭᠯᠡᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ | ᠶᠣᠰᠣᠭᠠᠷ ᠰᠢᠳᠬᠡᠨ ᠲᠣᠷᠭᠠᠨ᠎ᠠ᠃ ᠲᠡᠮᠦᠷ ᠵᠠᠮ ᠤᠨ ᠪᠠᠷᠠᠭᠠᠨ ᠤ ᠲᠠᠯᠠᠪᠤᠷ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠨᠢᠰᠬᠡᠯ ᠤᠨ ᠪᠠᠭᠤᠳᠠᠯ ᠵᠢᠴᠢ | ᠭᠠᠯ ᠴᠠᠬᠢᠯᠭᠠᠨ᠂ ᠪᠣᠯᠣᠳ ᠲᠡᠮᠦᠷ᠂ ᠨᠡᠭᠦᠷᠡᠰᠦ᠂ ᠬᠡᠦᠷᠰᠢᠭᠦᠯᠬᠦ᠂ ᠪᠠᠷᠢᠯᠭ᠎ᠠ ᠶᠢᠨ ᠮᠠᠲ᠋ᠧᠷᠢᠶᠠᠯ᠂ ᠠᠭᠤᠷᠬᠠᠶ ᠵᠡᠷᠭᠡ ᠦᠢᠯᠡᠳᠪᠦᠷᠢ ᠠᠭᠤᠷᠬᠠᠶ ᠶᠢᠨ ᠠᠵᠤ | ᠠᠬᠤᠶᠢᠯᠠᠯ ᠤᠨ ᠳᠣᠲᠣᠭᠠᠳᠤ ᠳᠠᠭᠠᠨ ᠠᠵᠢᠯᠯᠠᠬᠤ ᠲᠡᠷᠭᠡ ᠬᠥᠰᠬᠡ ᠪᠠ ᠮᠠᠰᠢᠨ ᠤ ᠰᠢᠨ᠎ᠡ ᠡᠨᠧᠷᠭᠢ ᠶᠢ ᠰᠢᠨᠡᠳᠬᠡᠨ ᠥᠭᠡᠷᠡᠴᠢᠯᠡᠬᠦ ᠶᠢ ᠠᠬᠢᠭᠤᠯᠵᠤ᠂ ᠰᠢᠨ᠎ᠡ ᠪᠠᠷ | ᠨᠡᠮᠡᠭᠳᠡᠭᠰᠡᠨ ᠪᠠ ᠰᠢᠨᠡᠳᠬᠡᠭᠰᠡᠨ 3 ᠲᠣᠨ ᠠᠴᠠ ᠳᠣᠷᠣᠭᠰᠢᠬᠢ ᠠᠴᠠ ᠲᠡᠷᠭᠡ ᠶᠢ ᠵᠣᠷᠢᠭᠵᠢᠭᠤᠯᠵᠤ ᠰᠢᠨ᠎ᠡ ᠡᠨᠧᠷᠭᠢ ᠪᠣᠯᠭᠠᠬᠤ ᠬᠡᠷᠡᠭᠲᠡᠶ᠃ ︵ᠬᠤᠲᠠ ᠶᠢᠨ ᠠᠮᠢ | ᠠᠬᠤᠶ ᠣᠷᠴᠢᠨ ᠲᠣᠭᠤᠷᠢᠨ ᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠡᠨᠧᠷᠭᠢ ᠶᠢᠨ ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠭᠤᠷᠪᠠ︶ ᠪᠣᠯᠪᠠᠰᠤᠷᠠᠭᠤᠯᠤᠭᠰᠠᠨ ᠲᠣᠰᠣᠨ ᠤ ᠶᠠᠰᠤ ᠴᠢᠨᠠᠷ ᠤᠨ ᠪᠦᠬᠦ ᠶᠠᠪᠤᠴᠠ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠲᠣᠰᠣᠨ ᠤ | ᠵᠦᠢᠯ ᠢ ᠭᠠᠳᠠᠭᠠᠳᠤ ᠠᠴᠠ ᠣᠷᠣᠭᠤᠯᠬᠤ᠂ ᠦᠢᠯᠡᠳᠪᠦᠷᠢᠯᠡᠬᠦ᠂ ᠬᠥᠮᠥᠷᠭᠡᠯᠡᠨ ᠬᠠᠳᠠᠭᠠᠯᠠᠬᠤ᠂ ᠪᠣᠷᠣᠯᠠᠭᠤᠯᠬᠤ᠂ ᠲᠡᠭᠡᠭᠡᠪᠦᠷᠢᠯᠡᠬᠦ᠂ ᠬᠡᠷᠡᠭᠯᠡᠬᠦ ᠵᠡᠷᠭᠡ ᠪᠦᠬᠦ ᠲᠠᠯ᠎ᠠ ᠶᠢᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠦᠨᠡᠮᠯᠡᠯ ᠦᠭᠡᠶ ᠥᠪᠡᠰᠦᠪᠡᠨ ᠪᠠᠶᠢᠭᠤᠯᠤᠭᠰᠠᠨ᠂ ᠲᠣᠰᠣ ᠨᠡᠮᠡᠬᠦ ᠨᠡᠭᠦᠳᠡᠯ ᠲᠡᠷᠭᠡ ︵ᠣᠩᠭᠤᠴᠠ︶ ᠶᠢ ᠪᠥᠬᠦ | ᠲᠠᠯ᠎ᠠ ᠪᠠᠷ ᠢᠯᠭᠠᠷᠠᠭᠤᠯᠤᠨ ᠴᠡᠭᠴᠡᠯᠡᠨ᠎ᠡ᠃︶ ᠬᠠᠷ᠎ᠠ ᠲᠣᠰᠣ ᠨᠡᠮᠡᠬᠦ ᠥᠷᠲᠡᠭᠡ ᠴᠡᠭ︔ ᠪᠠᠷᠢᠮᠵᠢᠶ᠎ᠠ ᠪᠤᠰᠤ ᠲᠣᠰᠣᠨ ᠤ ᠵᠦᠢᠯ ᠢᠶᠠᠷ ᠬᠥᠳᠡᠯᠭᠡᠭᠦᠷ ᠰᠢᠲᠠᠭᠠᠯᠭ᠎ᠠ ᠶᠢᠨ | ᠦᠢᠯᠡᠳᠬᠦᠨ ᠪᠣᠯᠭᠠᠵᠤ ᠪᠣᠷᠣᠯᠠᠭᠤᠯᠬᠤ ᠵᠡᠷᠭᠡ ᠦᠢᠯᠡ ᠠᠵᠢᠯᠯᠠᠭ᠎ᠠ ᠳᠤ ᠡᠷᠡᠰ ᠴᠣᠬᠢᠯᠲᠠ ᠥᠭᠭᠦᠨ᠎ᠡ᠃ ᠲᠣᠰᠣᠨ ᠤ ᠵᠦᠢᠯ᠂ ᠰᠢᠭᠡᠰᠦᠯᠢᠭ ᠡᠳ᠋ ᠤᠨ | ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠲᠣᠭᠲᠠᠭᠠᠵᠤ᠂ ᠠᠰᠠᠭᠤᠳᠠᠯ ᠲᠠᠢ ᠦᠢᠯᠡᠳᠬᠦᠨ ᠤ ᠬᠤᠯᠪᠣᠭᠳᠠᠯ | ᠪᠦᠬᠦᠢ ᠠᠰᠠᠭᠤᠳᠠᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠬᠠᠮᠢᠶ᠎ᠠ | ᠪᠦᠬᠦᠢ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃ ︵ᠬᠤᠲᠠ ᠶᠢᠨ ᠡᠨᠧᠷᠭᠢ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | ᠂ ᠵᠠᠮ ᠬᠠᠷᠢᠯᠴᠠᠭᠠᠨ ᠤ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠤᠷᠠᠳ ᠤᠨ | ᠪᠣᠭᠤᠮᠲᠠ ᠵᠡᠷᠭᠡ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠲᠠᠪᠤ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ | ︵ᠠᠷᠪᠠᠨ ᠳᠥᠷᠪᠡ︶ ᠲᠣᠭᠤᠰᠣ ᠳᠡᠭᠳᠡᠬᠦ ᠪᠣᠬᠢᠷᠳᠠᠯ ᠢ ᠶᠡᠷᠦᠩᠬᠡᠶᠢᠯᠡᠨ ᠵᠠᠰᠠᠬᠤ ᠶᠢ ᠭᠦᠨᠵᠡᠭᠡᠶᠢᠷᠡᠭᠦᠯᠦᠨ᠎ᠡ᠃ ᠪᠠᠷᠢᠯᠭ᠎ᠠ ᠪᠠᠷᠢᠭᠤᠯᠬᠤ ᠨᠢᠭᠡᠴᠡ ᠪᠣᠯᠤᠨ | ᠪᠠᠷᠢᠯᠭ᠎ᠠ ᠪᠠᠷᠢᠬᠤ ᠨᠢᠭᠡᠴᠡ ᠶᠢᠨ ᠲᠣᠭᠤᠰᠣ ᠳᠡᠭᠳᠡᠬᠦ ᠶᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ︽ᠵᠢᠷᠭᠤᠭᠠᠨ ᠵᠠᠭᠤᠨ ᠤ ᠵᠠᠭᠤ ᠶᠢᠨ | ᠵᠠᠭᠤᠨ ᠤ ᠵᠠᠭᠤ ᠶᠢᠨ︾ ᠶᠢ ᠴᠢᠩᠭ᠎ᠠ ᠬᠡᠷᠡᠭᠵᠢᠭᠦᠯᠵᠦ᠂ ᠲᠣᠭᠤᠰᠣ ᠳᠡᠭᠳᠡᠬᠦ ᠶᠢ ᠰᠡᠷᠭᠡᠶᠢᠯᠡᠨ ᠵᠠᠰᠠᠬᠤ ᠵᠠᠷᠤᠳᠠᠯ ᠢ ᠢᠨᠵᠧᠨᠧᠷᠢᠩ ᠤᠨ ᠦᠢᠯᠡᠳᠦᠭᠰᠡᠨ ᠦᠨ᠎ᠡ ᠳᠤ | ᠣᠷᠣᠭᠤᠯᠬᠤ ᠬᠡᠷᠡᠭᠲᠡᠶ᠃ ᠯᠢᠨ ᠾᠧ ᠲᠣᠭᠤᠷᠢᠭ ᠤᠨ ᠡᠵᠡᠯᠡᠬᠦ ᠲᠠᠯᠠᠪᠠᠶ ᠨᠢ 5000 ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠪᠠᠶᠢᠵᠤ᠂ ᠪᠠᠷᠢᠯᠭ᠎ᠠ ᠶᠢᠨ | ᠦᠶᠡᠯᠡᠯ ᠤᠨ ᠬᠤᠭᠤᠴᠠᠭ᠎ᠠ ᠨᠢ 6 ᠰᠠᠷ᠎ᠠ ᠬᠦᠷᠬᠦ ᠦᠭᠡᠢ ᠢᠨᠵᠧᠨᠧᠷᠢᠩ ᠪᠠᠶᠢᠵᠤ᠂ ᠠᠵᠢᠯ ᠢᠶᠠᠨ ᠡᠬᠢᠯᠡᠭᠦᠯᠬᠦ ᠠᠴᠠ ᠡᠮᠦᠨ᠎ᠡ ᠡᠷᠬᠡᠪᠰᠢ ᠴᠥᠮ ᠲᠣᠭᠤᠰᠣᠨ ᠤ | ᠪᠣᠬᠢᠷᠲᠤᠯ ᠤᠨ ᠰᠦᠯᠵᠢᠶᠡᠨ ᠳᠡᠭᠡᠷᠡᠬᠢ ᠬᠢᠨᠠᠨ ᠡᠵᠡᠮᠳᠡᠬᠦ ᠰᠢᠰᠲ᠋ᠧᠮ ᠢ ᠤᠭᠰᠠᠷᠠᠬᠤ ᠶᠢᠨ ᠬᠠᠮᠲᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ᠂ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠲᠠᠪᠴᠠᠩ ᠳᠤ ᠵᠠᠯᠭᠠᠨ ᠣᠷᠣᠭᠤᠯᠵᠤ᠂ ᠲᠣᠭᠲᠠᠮᠠᠯ | ᠬᠤᠭᠤᠴᠠᠭ᠎ᠠ ᠲᠠᠢ ᠪᠠᠷ ᠬᠠᠮᠠᠭᠠᠯᠠᠬᠤ ᠠᠵᠢᠯ ᠢ ᠵᠡᠷᠭᠡ ᠪᠠᠷ ᠰᠠᠶᠢᠲᠤᠷ ᠬᠢᠵᠦ᠂ ᠰᠦᠯᠵᠢᠶᠡᠨ ᠳᠡᠭᠡᠷᠡᠬᠢ ᠲᠥᠬᠦᠭᠡᠷᠦᠮᠵᠢ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠶ᠂ | ᠣᠨᠣᠪᠴᠢᠲᠠᠶ᠂ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠵᠤ᠂ ᠲᠣᠭᠤᠰᠣ ᠰᠢᠷᠣᠶ ᠶᠢᠨ ᠪᠣᠬᠢᠷᠲᠤᠯ ᠢ ᠴᠠᠭ ᠲᠤᠬᠠᠶ ᠳᠤᠨᠢ ᠬᠠᠮᠢᠶᠠᠷᠤᠨ ᠡᠵᠡᠮᠳᠡᠬᠦ ᠶᠢ | ᠪᠡᠶᠡᠯᠡᠭᠦᠯᠬᠦ ᠬᠡᠷᠡᠭᠲᠡᠶ᠃ ᠪᠤᠰᠤᠳ ᠬᠤᠰᠢᠭᠤ ᠰᠢᠶᠠᠨ ᠤ ᠪᠠᠷᠢᠯᠭ᠎ᠠ ᠶᠢᠨ ᠭᠠᠵᠠᠷ ᠤᠨ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠶᠢᠨ ᠬᠠᠮᠲᠤ ᠲᠤᠬᠠᠶ ᠶᠢᠨ | ᠭᠠᠵᠠᠷ ᠤᠨ ᠬᠢᠨᠠᠨ ᠬᠠᠮᠢᠶᠠᠷᠬᠤ ᠲᠠᠪᠴᠠᠩ ᠳᠤ ᠣᠷᠣᠭᠤᠯᠬᠤ ᠶᠢ ᠵᠣᠷᠢᠭᠵᠢᠭᠤᠯᠤᠨ᠎ᠠ᠃ ᠬᠤᠲᠠ ᠶᠢᠨ ᠣᠯᠠᠨ ᠨᠡᠶᠢᠲᠡ ᠶᠢᠨ ᠣᠷᠣᠨ ᠪᠦᠰᠡ᠂ ᠤᠷᠲᠤ | ᠬᠤᠭᠤᠴᠠᠭ᠎ᠠ ᠪᠠᠷ ᠨᠡᠭᠡᠭᠡᠨ ᠪᠦᠲᠦᠭᠡᠨ ᠪᠠᠶᠢᠭᠤᠯᠤᠭᠰᠠᠨ ᠦᠭᠡᠶ ᠨᠢᠴᠦᠭᠦᠨ ᠭᠠᠵᠠᠷ᠂ ᠬᠠᠶᠠᠭᠳᠠᠮᠠᠯ ᠬᠠᠭᠤᠴᠢᠨ ᠦᠢᠯᠡᠳᠪᠦᠷᠢ ᠶᠢᠨ ᠲᠣᠭᠤᠷᠢᠭ᠂ ᠪᠠᠷᠠᠭ᠎ᠠ ᠶᠢᠨ | ᠭᠦᠢᠯᠭᠡᠭᠡᠨ ᠤ ᠬᠦᠷᠢᠶᠡᠯᠡᠩ ᠲᠣᠭᠤᠷᠢᠭ᠂ ᠲᠣᠮᠣ ᠬᠡᠯᠪᠡᠷᠢ ᠶᠢᠨ ᠲᠡᠷᠭᠡᠨ ᠵᠣᠭᠰᠣᠭᠠᠯ ᠵᠡᠷᠭᠡ ᠳᠤ ᠵᠢᠭᠰᠠᠭᠠᠨ ᠪᠠᠶᠢᠴᠠᠭᠠᠵᠤ ᠳᠠᠩᠰᠠ ᠡᠪᠬᠡᠮᠡᠯ ᠪᠠᠶᠢᠭᠤᠯᠬᠤ ᠶᠢᠨ ᠬᠠᠮᠲᠤ | ᠨᠣᠭᠤᠭᠠᠷᠠᠭᠤᠯᠬᠤ᠂ ᠬᠠᠲᠠᠭᠤᠷᠠᠭᠤᠯᠬᠤ᠂ ᠴᠡᠪᠡᠷᠯᠡᠬᠦ ᠵᠡᠷᠭᠡ ᠲᠣᠭᠤᠰᠣ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃ ᠨᠡᠭᠦᠷᠡᠰᠦ᠂ ᠬᠤᠭ ᠰᠢᠷᠣᠶ᠂ ᠴᠢᠯᠠᠭᠤᠨ | ᠮᠠᠲ᠋ᠧᠷᠢᠶᠠᠯ᠂ ᠱᠦᠢᠨᠢ᠂ ᠨᠤᠨᠲᠠᠭ ᠨᠡᠭᠦᠷᠡᠰᠦᠨ ᠤ ᠦᠨᠡᠰᠦ᠂ ᠬᠤᠭ ᠨᠣᠪᠰᠢ ᠵᠡᠷᠭᠡ ᠡᠳ᠋ ᠮᠠᠲ᠋ᠧᠷᠢᠶᠠᠯ ᠵᠥᠭᠡᠭᠡᠪᠦᠷᠢᠯᠡᠬᠦ ᠲᠡᠷᠭᠡ ᠬᠥᠰᠬᠡ ᠶᠢ ᠪᠦᠷᠢᠨ ᠪᠢᠲᠡᠭᠦᠮᠵᠢᠯᠡᠬᠦ᠂ | ᠪᠦᠷᠢᠨ ᠪᠦᠲᠡᠭᠡᠯᠭᠡ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠬᠤᠲᠠ ᠶᠢᠨ ᠭᠤᠤᠯ ᠪᠠ ᠳᠡᠳ᠋ ᠵᠠᠮ᠂ ᠬᠤᠲᠠ ᠬᠥᠳᠡᠭᠡ ᠶᠢᠨ ᠠᠭᠤᠯᠵᠠᠷ ᠬᠡᠰᠡᠭ | ᠵᠡᠷᠭᠡ ᠭᠤᠤᠯᠳᠠᠯᠭ᠎ᠠ ᠲᠠᠢ ᠵᠠᠮ ᠤᠨ ᠬᠡᠰᠡᠭ ᠢ ᠮᠠᠰᠢᠨᠴᠢᠯᠠᠨ ᠴᠡᠪᠡᠷᠯᠡᠬᠦ ᠡᠷᠴᠢᠮ ᠢ ᠴᠢᠩᠭᠠᠷᠠᠭᠤᠯᠤᠨ᠎ᠠ᠃ 2025 ᠤᠨ ᠪᠣᠯᠬᠤ ᠳᠤ᠂ ᠰᠢᠨ᠎ᠡ ᠪᠠᠷ ᠪᠠᠶᠢᠭᠤᠯᠤᠭᠰᠠᠨ | ᠪᠠᠷᠢᠯᠭ᠎ᠠ ᠶᠢᠨ ᠲᠠᠯᠠᠪᠠᠶ ᠳᠠᠬᠢ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠬᠠᠷᠢᠴᠠᠯ ᠢ 30% ᠳᠤ ᠬᠦᠷᠦᠭᠦᠯᠦᠨ᠎ᠡ︔ ᠯᠢᠨ ᠾᠧ ᠲᠣᠭᠤᠷᠢᠭ ᠤᠨ ᠵᠠᠮ ᠢ ᠮᠠᠰᠢᠨᠴᠢᠯᠠᠨ | ᠴᠡᠪᠡᠷᠯᠡᠬᠦ ᠨᠣᠷᠮ᠎ᠠ ᠶᠢ 90% ᠣᠷᠴᠢᠮ ᠳᠤ ᠬᠦᠷᠦᠭᠦᠯᠵᠦ᠂ ᠦᠯᠡᠳᠡᠭᠰᠡᠨ 6 ᠬᠤᠰᠢᠭᠤ ᠰᠢᠶᠠᠨ 70% ᠣᠷᠴᠢᠮ ᠳᠤ ᠬᠦᠷᠦᠭᠦᠯᠦᠨ᠎ᠡ᠃ ︵ᠬᠤᠲᠠ ᠶᠢᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠮᠢ ᠠᠬᠤᠶ ᠣᠷᠴᠢᠨ | ᠲᠣᠭᠤᠷᠢᠨ ᠤ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠲᠠᠪᠤ︶ ᠠᠭᠤᠷᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠠᠬᠢᠭᠤᠯᠤᠨ᠎ᠠ᠃ ᠠᠭᠤᠷᠬᠠᠶ ᠮᠠᠯᠲᠠᠬᠤ ᠶᠢ | ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠵᠦ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠥᠭᠡᠷᠡᠴᠢᠯᠡᠭᠡᠳ ᠮᠥᠨ ᠬᠦ ᠪᠠᠷᠢᠮᠵᠢᠶ᠎ᠠ ᠳᠤ ᠬᠦᠷᠦᠭᠡᠳᠦᠶ ᠠᠭᠤᠷᠬᠠᠶ ᠶᠢ | ᠠᠶᠤᠯ ᠦᠭᠡᠶ ᠦᠢᠯᠡᠳᠪᠦᠷᠢᠯᠡᠬᠦ᠂ ᠬᠥᠷᠥᠰᠥ ᠰᠢᠷᠣᠶ ᠶᠢ ᠬᠠᠮᠠᠭᠠᠯᠠᠬᠤ᠂ ᠠᠮᠢ ᠠᠬᠤᠶ ᠶᠢᠨ ᠣᠷᠴᠢᠨ ᠲᠣᠭᠤᠷᠢᠨ ᠵᠡᠷᠭᠡ ᠶᠢᠨ ᠱᠠᠭᠠᠷᠳᠠᠯᠭ᠎ᠠ ᠶᠢ ᠦᠨᠳᠦᠰᠦᠯᠡᠨ | ᠬᠠᠤᠯᠢ ᠶᠣᠰᠣᠭᠠᠷ ᠬᠠᠭᠠᠬᠤ ᠬᠡᠷᠡᠭᠲᠡᠶ᠃ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ ᠡᠷᠴᠢᠮ ᠢ ᠴᠢᠩᠭᠠᠷᠠᠭᠤᠯᠤᠨ᠂ ᠨᠡᠭᠦᠷᠡᠰᠦᠨ ᠴᠢᠯᠠᠭᠤ ᠶᠢ ᠰᠢᠨᠵᠢᠯᠡᠬᠦ | ᠤᠬᠠᠭᠠᠨᠴᠢ ᠪᠠᠷ ᠰᠢᠢᠳᠪᠦᠷᠢᠯᠡᠨ ᠠᠰᠢᠭᠯᠠᠵᠤ᠂ ᠮᠠᠯᠲᠠᠵᠤ ᠬᠥᠨᠳᠡᠶᠢᠷᠡᠭᠦᠯᠬᠦ᠂ ᠳᠡᠯᠪᠡᠴᠢᠬᠦ᠂ ᠮᠠᠯᠲᠠᠵᠤ ᠤᠭᠰᠠᠷᠠᠬᠤ᠂ ᠬᠡᠮᠬᠡᠯᠬᠦ᠂ ᠲᠡᠭᠡᠭᠡᠪᠦᠷᠢᠯᠡᠬᠦ᠂ ᠰᠢᠷᠣᠶ | ᠭᠠᠳᠠᠭᠰᠢᠯᠠᠭᠤᠯᠬᠤ ᠵᠡᠷᠭᠡ ᠡᠯ᠎ᠡ ᠠᠵᠢᠯ ᠤᠨ ᠵᠠᠩᠭᠢᠯᠠᠭ᠎ᠠ ᠶᠢᠨ ᠲᠣᠭᠤᠰᠣ ᠳᠡᠭᠳᠡᠬᠦ ᠶᠢ ᠵᠠᠰᠠᠬᠤ ᠶᠢ ᠴᠢᠩᠭᠠᠷᠠᠭᠤᠯᠤᠨ᠂ ᠨᠠᠷᠢᠨ ᠲᠣᠭᠤᠰᠣ ᠭᠠᠳᠠᠭᠰᠢᠯᠠᠭᠤᠯᠬᠤ ᠶᠢ | ᠪᠠᠭᠠᠰᠬᠠᠨ᠎ᠠ᠃ ᠰᠢᠨ᠎ᠡ ᠪᠠᠷ ᠪᠠᠶᠢᠭᠤᠯᠤᠭᠰᠠᠨ ᠠᠭᠤᠷᠬᠠᠶ ᠶᠢ ᠵᠠᠷᠴᠢᠮ ᠳᠡᠭᠡᠷ᠎ᠡ ᠪᠠᠨ ᠲᠡᠮᠦᠷ ᠵᠠᠮ ᠤᠨ ᠲᠤᠰᠬᠠᠶ ᠱᠤᠭᠤᠮ ᠤᠨ ᠪᠦᠲᠦᠭᠡᠨ ᠪᠠᠶᠢᠭᠤᠯᠤᠯᠲᠠ ᠬᠢᠬᠦ ᠪᠤᠶᠤ | ᠪᠤᠰᠤᠳ ᠠᠷᠢᠭᠤᠨ ᠴᠡᠪᠡᠷ ᠲᠡᠭᠡᠭᠡᠪᠦᠷᠢᠯᠡᠬᠦ ᠠᠷᠭ᠎ᠠ ᠮᠠᠶᠢᠭ ᠢ ᠬᠡᠷᠡᠭᠯᠡᠬᠦ ᠬᠡᠷᠡᠭᠲᠡᠶ᠃ ᠨᠡᠭᠦᠷᠡᠰᠦᠨ ᠠᠭᠤᠷᠬᠠᠶ᠂ ᠨᠡᠭᠦᠷᠡᠰᠦᠨ ᠴᠢᠯᠠᠭᠤ ᠶᠢ ᠥᠪᠡᠰᠦᠪᠡᠨ ᠰᠢᠲᠠᠬᠤ ᠶᠢᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠠᠯ ᠤᠨ ᠴᠢᠭ ᠢ ᠬᠥᠳᠡᠯᠦᠩᠭᠦᠶ ᠪᠠᠷ ᠦᠭᠡᠢ ᠪᠣᠯᠭᠠᠬᠤ ᠶᠢ ᠪᠡᠶᠡᠯᠡᠭᠦᠯᠦᠨ᠎ᠡ᠃ ︵ᠬᠤᠲᠠ ᠶᠢᠨ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ ᠵᠡᠷᠭᠡ | ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠵᠢᠷᠭᠤᠭ᠎ᠠ︶ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠪᠠ ᠰᠢᠲᠠᠭᠠᠬᠤ ᠶᠢ ᠴᠠᠭᠠᠵᠠᠯᠠᠬᠤ ᠠᠵᠢᠯ ᠢ ᠴᠢᠩᠭᠠᠳᠬᠠᠬᠤ ᠬᠡᠷᠡᠭᠲᠡᠶ᠃ ᠭᠤᠤᠯ | ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠵᠤ᠂ ︽ᠨᠡᠪᠲᠡᠷᠡᠭᠦᠯᠬᠦ ᠪᠠ ᠪᠥᠭᠯᠡᠬᠦ ᠶᠢ ᠤᠶᠠᠯᠳᠤᠭᠤᠯᠬᠤ᠂ ᠬᠡᠷᠡᠭᠯᠡᠬᠦ ᠪᠠᠷ ᠴᠠᠭᠠᠵᠠᠯᠠᠬᠤ ᠶᠢ | ᠠᠬᠢᠭᠤᠯᠬᠤ︾ ᠶᠢ ᠪᠠᠷᠢᠮᠲᠠᠯᠠᠨ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠪᠠ ᠰᠢᠲᠠᠭᠠᠬᠤ ᠶᠢ ᠴᠠᠭᠠᠵᠠᠯᠠᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ | ᠪᠥᠬᠦ ᠬᠤᠲᠠ ᠶᠢᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 91% ᠠᠴᠠ ᠳᠡᠭᠡᠭᠰᠢ ᠳᠤ ᠲᠣᠭᠲᠠᠪᠤᠷᠢᠵᠢᠭᠤᠯᠪᠠ᠃ ᠡᠯ᠎ᠡ ᠬᠤᠰᠢᠭᠤ ᠰᠢᠶᠠᠨ | ᠲᠣᠭᠤᠷᠢᠭ ᠨᠢ ᠪᠣᠳᠠᠲᠠᠶ ᠲᠠᠢ ᠪᠠᠨ ᠤᠶᠠᠯᠳᠤᠭᠤᠯᠤᠨ ᠡᠰᠢ ᠰᠦᠷᠡᠯ ᠰᠢᠲᠠᠭᠠᠬᠤ ᠶᠢ ᠴᠠᠭᠠᠵᠠᠯᠠᠬᠤ ᠬᠡᠪᠴᠢᠶ᠎ᠡ ᠶᠢ ᠣᠨᠣᠪᠴᠢᠲᠠᠶ ᠬᠤᠪᠢᠶᠠᠷᠢᠯᠠᠬᠤ ᠶᠢᠨ ᠬᠠᠮᠲᠤ᠂ | ᠨᠡᠶᠢᠭᠡᠮ ᠳᠤ ᠢᠯᠡ ᠨᠡᠶᠢᠲᠡᠯᠡᠬᠦ ᠬᠡᠷᠡᠭᠲᠡᠶ᠃ ︽ᠭᠤᠷᠪᠠᠨ ᠱᠠᠲᠤ︾ ᠶᠢᠨ ᠲᠣᠣᠷᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠨᠠᠶᠢᠳᠠᠪᠤᠷᠢᠵᠢᠭᠤᠯᠵᠤ᠂ | ᠰᠢᠲᠠᠬᠤ ᠶᠢ ᠴᠠᠭᠠᠵᠠᠯᠠᠬᠤ ᠣᠷᠣᠨ ᠢ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠰᠢᠲᠠᠭᠠᠬᠤ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠣᠯᠵᠤ | ᠮᠡᠳᠡᠪᠡᠯ ᠬᠤᠷᠢᠭᠯᠠᠨ ᠵᠣᠭᠰᠣᠭᠠᠨ᠎ᠠ᠃ ︵ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ | ᠠᠬᠤᠶ ᠣᠷᠴᠢᠨ ᠲᠣᠭᠤᠷᠢᠨ ᠤ ᠲᠣᠪᠴᠢᠶ᠎ᠠ᠂ ᠴᠠᠭ ᠠᠭᠤᠷ ᠤᠨ ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ᠵᠢᠷᠭᠤᠭ᠎ᠠ᠂ ᠣᠯᠡᠨ ᠪᠣᠬᠢᠷᠳᠦᠯ ᠡᠳ᠋ ᠤᠨ ᠬᠠᠮᠵᠢᠯᠴᠠᠨ ᠭᠠᠳ᠋ᠬᠠᠰᠢᠯᠠᠭᠤᠯᠥᠯᠳᠡ ᠶᠢ ᠪᠠᠭᠠᠰᠬᠠᠬᠤ ᠶᠢ ᠴᠢᠩᠭᠠᠷᠡᠭᠤᠯᠥᠨ᠎ᠠ | ︵ᠠᠷᠪᠠᠨ ᠲᠤᠯᠤᠭ᠎ᠠ︶ VOCs ᠪᠥᠬᠦ ᠶᠠᠪᠤᠴᠠ ᠶᠢᠨ ᠪᠦᠬᠦ ᠵᠠᠩᠭᠢᠯᠠᠭ᠎ᠠ ᠶᠢᠨ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠷᠠᠭᠤᠯᠤᠨ᠎ᠠ᠃ ᠳᠡᠭᠳᠡᠮᠡᠬᠡᠶ | ᠴᠢᠨᠠᠷ ᠲᠠᠢ ᠣᠷᠭᠠᠨᠢᠭ ᠪᠣᠳᠠᠰ ᠤᠨ ᠠᠵᠤ ᠠᠬᠤᠶᠢᠯᠠᠯ ᠤᠨ ᠪᠠᠶᠢᠴᠠᠭᠠᠨ ᠵᠢᠭᠰᠠᠭᠠᠬᠤ ᠠᠵᠢᠯ ᠢ ᠦᠷᠭᠦᠯᠵᠢᠯᠡᠨ ᠥᠷᠨᠢᠭᠦᠯᠦᠨ᠎ᠡ᠃ VOCs ᠲᠤ ᠬᠤᠯᠪᠣᠭᠳᠠᠭᠰᠠᠨ | ᠪᠣᠳᠠᠰ ᠤᠨ ᠮᠠᠲ᠋ᠧᠷᠢᠶᠠᠯ ᠢ ᠬᠠᠳᠠᠭᠠᠯᠠᠬᠤ᠂ ᠰᠢᠯᠵᠢᠭᠦᠯᠬᠦ ᠪᠠ ᠬᠦᠷᠭᠡᠬᠦ᠂ ᠲᠥᠬᠦᠭᠡᠷᠦᠮᠵᠢ ᠬᠢᠭᠡᠳ ᠬᠤᠭᠤᠯᠠᠶ ᠱᠤᠭᠤᠮ ᠤᠨ ᠲᠣᠨᠤᠭ ᠲᠥᠬᠦᠭᠡᠷᠦᠮᠵᠢ ᠭᠤᠭᠤᠵᠢᠬᠤ᠂ | ᠰᠢᠩᠭᠡᠨ ᠭᠠᠳᠠᠷᠭᠤ ᠶᠢ ᠵᠠᠳᠠᠭᠠᠢ ᠪᠠᠶᠢᠯᠭᠠᠬᠤ ᠵᠢᠴᠢ ᠭᠠᠷ ᠤᠷᠠᠯᠠᠯ ᠤᠨ ᠶᠠᠪᠤᠴᠠ ᠶᠢ ᠭᠠᠳᠠᠭᠰᠢᠯᠠᠭᠤᠯᠬᠤ ᠵᠡᠷᠭᠡ ᠵᠣᠬᠢᠶᠠᠨ ᠪᠠᠶᠢᠭᠤᠯᠤᠯᠲᠠ ᠥᠬᠡᠶ ᠭᠠᠳᠠᠭᠰᠢᠯᠠᠭᠤᠯᠬᠤ | ᠡᠬᠢ ᠰᠤᠷᠪᠤᠯᠵᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠨ᠎ᠠ᠃ ᠣᠷᠭᠠᠨᠢᠭ ᠬᠠᠶᠠᠭᠳᠠᠮᠠᠯ ᠬᠡᠢ ᠭᠠᠳᠠᠭᠰᠢᠯᠠᠭᠤᠯᠬᠤ ᠬᠠᠵᠠᠭᠤ ᠵᠠᠮ ᠢ ᠭᠤᠣᠯᠳᠠᠯᠭ᠎ᠠ ᠲᠠᠢ | ᠵᠢᠭᠰᠠᠭᠠᠨ ᠪᠠᠶᠢᠴᠠᠭᠠᠵᠤ᠂ ᠠᠶᠤᠯᠭᠦᠢ ᠦᠢᠯᠡᠳᠪᠦᠷᠢᠯᠡᠯ ᠢ ᠡᠷᠬᠡᠪᠰᠢ ᠦᠯᠡᠳᠡᠭᠡᠬᠦ ᠶᠢ ᠪᠠᠲᠤᠯᠠᠬᠤ ᠠᠴᠠ ᠭᠠᠳᠠᠨ᠎ᠠ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ | ᠲᠦᠢᠯᠪᠤᠷᠢᠲᠠᠢ ᠨᠤᠷᠠᠭᠠᠬᠤ᠂ ᠲᠠᠰᠤᠯᠬᠤ᠂ ᠹᠢᠽᠢᠺ ᠤᠨ ᠲᠤᠰᠠᠭᠠᠷᠯᠠᠯ ᠬᠢᠬᠦ ᠵᠡᠷᠭᠡ ᠠᠷᠭ᠎ᠠ ᠮᠠᠶ᠋ᠢᠭ ᠢᠶᠠᠷ ᠬᠠᠰᠢᠬᠤ ᠵᠠᠮ ᠢ ᠬᠦᠴᠦᠨ ᠦᠭᠡᠢ ᠪᠣᠯᠭᠠᠨ᠎ᠠ᠃ ᠳᠣᠣᠷ᠎ᠠ | ᠠᠰᠢᠭᠯᠠᠮᠵᠢᠲᠤ VOCs ᠤᠨ ᠵᠠᠰᠠᠬᠤ ᠲᠥᠬᠦᠭᠡᠷᠦᠮᠵᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠲᠡᠷᠢᠭᠦᠨ ᠤ ᠦᠢᠯᠡᠳᠪᠦᠷᠢᠯᠡᠯ ᠤᠨ ᠤᠷ᠎ᠠ ᠮᠡᠷᠭᠡᠰᠢᠯ | ᠪᠣᠯᠤᠨ ᠪᠣᠬᠢᠷᠲᠤᠯ ᠢ ᠥᠨᠳᠥᠷ ᠪᠦᠲᠦᠮᠵᠢᠲᠡᠢ ᠵᠠᠰᠠᠬᠤ ᠲᠥᠬᠦᠭᠡᠷᠦᠮᠵᠢ ᠶᠢ ᠶᠡᠬᠡᠪᠡᠷ ᠬᠡᠷᠡᠭᠵᠢᠭᠦᠯᠦᠨ᠎ᠡ᠃ ᠮᠠᠰᠢᠨ ᠲᠡᠷᠭᠡᠨ ᠤ ᠪᠤᠳᠤᠩ ᠲᠡᠷᠭᠡ ᠪᠠᠷ ᠨᠢᠭᠲᠠ | ᠪᠢᠲᠡᠭᠦᠮᠵᠢᠯᠡᠭᠰᠡᠨ ᠬᠡᠯᠪᠡᠷᠢ ᠶᠢᠨ ᠲᠦᠷᠭᠡᠨ ᠵᠠᠯᠭᠠᠬᠤ ᠶᠢ ᠳᠡᠯᠭᠡᠷᠡᠭᠦᠯᠵᠦ᠂ ᠪᠣᠬᠢᠷ ᠤᠰᠤ ᠶᠢ ᠰᠢᠢᠳᠪᠦᠷᠢᠯᠡᠬᠦ ᠲᠠᠯᠠᠪᠤᠷ ᠤᠨ ᠥᠨᠳᠥᠷ ᠥᠳᠬᠡᠴᠡ ᠲᠠᠢ ᠣᠷᠭᠠᠨᠢᠭ | ᠬᠠᠶᠠᠭᠳᠠᠮᠠᠯ ᠬᠡᠢ ᠶᠢ ᠲᠤᠰᠠᠭᠠᠷ ᠴᠤᠭᠯᠠᠭᠤᠯᠤᠨ ᠰᠢᠢᠳᠪᠦᠷᠢᠯᠡᠬᠦ ᠬᠡᠷᠡᠭᠲᠡᠢ᠃ VOCs ᠣᠷᠭᠠᠨᠢᠭ ᠬᠠᠶᠠᠭᠳᠠᠮᠠᠯ ᠤᠰᠤ ᠬᠠᠳᠠᠭᠠᠯᠠᠬᠤ ᠰᠠᠪᠠ᠂ ᠲᠣᠨᠤᠭ | ᠲᠥᠬᠦᠭᠡᠷᠦᠮᠵᠢ ᠶᠢᠨ ᠣᠷᠣᠨ ᠤ ᠤᠰᠤ ᠴᠤᠭᠯᠠᠭᠤᠯᠬᠤ ᠬᠤᠳᠳᠤᠭ ︵ᠨᠠᠭᠤᠷ︶ ᠣᠷᠭᠠᠨᠢᠭ ᠬᠠᠶᠠᠭᠳᠠᠮᠠᠯ ᠬᠡᠢ ᠶᠢ ᠨᠢᠭᠲᠠ ᠪᠢᠲᠡᠭᠦᠮᠵᠢᠯᠡᠨ ᠰᠢᠢᠳᠪᠦᠷᠢᠯᠡᠬᠦ ᠬᠡᠷᠡᠭᠲᠡᠶ | ᠃ ᠠᠵᠤ ᠠᠬᠤᠢᠯᠠᠯ ᠤᠳ ᠭᠠᠯ ᠪᠠᠮᠪᠠᠷ ᠨᠣᠴᠣᠬᠤ ᠲᠥᠬᠦᠭᠡᠷᠦᠮᠵᠢ ᠶᠢ ᠡᠳᠦᠷ ᠳᠣᠳᠣᠮ ᠤᠨ ᠠᠭᠠᠷ ᠠᠨᠳᠠᠯ ᠤᠨ ᠪᠣᠬᠢᠷᠲᠤᠯ ᠢ ᠰᠢᠢᠳᠪᠦᠷᠢᠯᠡᠬᠦ ᠲᠥᠬᠦᠭᠡᠷᠦᠮᠵᠢ | ᠪᠣᠯᠭᠠᠵᠤ ᠪᠣᠯᠬᠤ ᠦᠭᠡᠢ᠃ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠲᠣᠰᠣ ᠬᠠᠳᠠᠭᠠᠯᠠᠬᠤ ᠬᠥᠮᠥᠷᠭᠡ᠂ ᠲᠣᠰᠣ ᠨᠡᠮᠡᠬᠦ ᠥᠷᠲᠡᠭᠡ ᠶᠢᠨ ᠲᠣᠰᠣ | ᠬᠡᠢ ᠶᠢ ᠡᠭᠡᠭᠦᠯᠦᠨ ᠬᠤᠷᠢᠶᠠᠵᠤ ᠵᠠᠰᠠᠬᠤ ᠶᠢ ᠠᠬᠢᠭᠤᠯᠵᠤ᠂ ᠲᠣᠰᠣ ᠨᠡᠮᠡᠬᠦ ᠥᠷᠲᠡᠭᠡ᠂ ᠲᠣᠰᠣ ᠬᠠᠳᠠᠭᠠᠯᠠᠬᠤ ᠬᠥᠮᠥᠷᠭᠡ᠂ ᠲᠣᠰᠣ ᠰᠠᠪᠠᠯᠠᠬᠤ ᠲᠡᠷᠭᠡ ᠵᠡᠷᠭᠡ ᠶᠢ | ᠬᠥᠲᠥᠯᠥᠨ ᠵᠢᠯᠣᠭᠤᠳᠴᠤ ᠪᠠᠶᠢᠭᠠᠳ ᠡᠳᠦᠷ ᠲᠤᠲᠤᠮ ᠤᠨ ᠥᠨᠳᠥᠷ ᠳᠤᠯᠠᠭᠠᠨ ᠳᠤ ᠴᠢᠶ᠋ᠢᠦ ᠲᠣᠰᠣ ᠠᠴᠢᠶᠠᠯᠠᠵᠤ ᠪᠠᠭᠤᠯᠭᠠᠬᠤ ᠠᠵᠢᠯ ᠠᠴᠠ ᠵᠠᠶᠢᠯᠠᠭᠤᠯᠬᠤ ᠬᠡᠷᠡᠭᠲᠡᠶ | ᠃ ᠲᠣᠰᠣᠨ ᠤ ᠵᠦᠢᠯ ᠢ ᠬᠠᠳᠠᠭᠠᠯᠠᠵᠤ ᠲᠡᠭᠡᠭᠡᠪᠦᠷᠢᠯᠡᠬᠦ ᠪᠦᠬᠦ ᠶᠠᠪᠤᠴᠠ ᠶᠢᠨ VOCs ᠭᠠᠳᠠᠭᠰᠢᠯᠠᠭᠤᠯᠬᠤ ᠬᠡᠮᠵᠢᠶ᠎ᠡ ᠶᠢ ᠡᠵᠡᠮᠳᠡᠬᠦ ᠡᠷᠴᠢᠮ ᠢ ᠴᠢᠩᠭᠠᠷᠠᠭᠤᠯᠵᠤ᠂ | ᠲᠣᠰᠣ ᠬᠡᠢ ᠶᠢ ᠡᠭᠡᠭᠦᠯᠦᠨ ᠬᠤᠷᠢᠶᠠᠬᠤ ᠰᠢᠰᠲ᠋ᠧᠮ ᠤᠨ ᠲᠤᠰᠬᠠᠶ ᠵᠦᠢᠯ ᠤᠨ ᠪᠠᠶᠢᠴᠠᠭᠠᠯᠲᠠ ᠶᠢᠨ ᠠᠵᠢᠯ ᠢ ᠵᠢᠯ ᠪᠦᠷᠢ ᠶᠠᠳᠠᠬᠤ ᠳᠠᠭᠠᠨ ᠨᠢᠭᠡ ᠤᠳᠠᠭ᠎ᠠ ᠥᠷᠨᠢᠭᠦᠯᠬᠦ | ᠬᠡᠷᠡᠭᠲᠡᠶ᠃ ᠭᠤᠣᠯᠳᠠᠯᠭ᠎ᠠ ᠲᠠᠢ ᠣᠷᠣᠨ ᠪᠦᠰᠡ ᠶᠢᠨ VOCs ᠭᠤᠣᠯᠳᠠᠯᠭ᠎ᠠ ᠲᠠᠢ ᠠᠵᠢᠯ ᠲᠥᠷᠥᠯ ᠳᠤ ᠣᠨᠴᠠᠭᠠᠢ ᠡᠵᠡᠮᠰᠢᠯ ᠤᠨ ᠱᠠᠭᠠᠷᠳᠠᠯᠭ᠎ᠠ ᠶᠢ ᠴᠢᠩᠭ᠎ᠠ | ᠬᠡᠷᠡᠭᠵᠢᠭᠦᠯᠦᠨ᠎ᠡ᠃ ᠬᠡᠢ ᠲᠥᠯᠥᠪ ᠲᠠᠢ᠂ ᠰᠢᠩᠭᠡᠨ ᠲᠥᠯᠥᠪᠲᠦ VOCs ᠪᠣᠳᠠᠰ ᠤᠨ ᠮᠠᠲ᠋ᠧᠷᠢᠶᠠᠯ ᠢ ᠠᠴᠢᠶᠠᠯᠠᠵᠤ ᠪᠠᠶᠢᠭ᠎ᠠ ᠲᠥᠬᠦᠭᠡᠷᠦᠮᠵᠢ ᠪᠠ ᠬᠤᠭᠤᠯᠠᠶ ᠶᠢᠨ | ᠱᠤᠭᠤᠮ ᠤᠨ ᠪᠢᠲᠡᠭᠦᠮᠵᠢᠯᠡᠭᠰᠡᠨ ᠴᠡᠭ ᠨᠢ 2000 ᠭᠠᠷᠤᠶ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠵᠠᠳᠠᠷᠠᠭᠤᠯᠬᠤ ᠶᠢ ᠪᠠᠶᠢᠴᠠᠭᠠᠬᠤ ᠪᠠ ᠵᠠᠰᠠᠨ ᠰᠡᠷᠭᠦᠭᠡᠬᠦ | ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠎ᠡ ︵LDAR︶᠃︶ ︽ᠵᠠ︾ ᠭᠡᠳ ︵ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ | ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠠᠷᠪᠠᠨ ᠨᠠᠢᠮᠠ︶ ᠭᠤᠤᠯᠳᠠᠯᠭ᠎ᠠ ᠲᠠᠢ ᠠᠵᠢᠯ ᠲᠥᠷᠥᠯ ᠤᠨ ᠪᠣᠬᠢᠷᠲᠤᠯ ᠢ ᠭᠦᠨᠵᠡᠭᠡᠶ ᠵᠠᠰᠠᠬᠤ ᠶᠢ ᠠᠬᠢᠭᠤᠯᠤᠨ᠎ᠠ᠃ 2025 ᠣᠨ ᠤ ᠰᠡᠭᠦᠯᠴᠢ ᠪᠠᠷ | ᠬᠤᠶᠠᠷ ᠪᠣᠯᠣᠳ ᠲᠡᠮᠦᠷ ᠤᠨ ᠠᠵᠤ ᠠᠬᠤᠶᠢᠯᠠᠯ ︵ᠳ᠋ᠠ ᠵᠥᠩ ᠪᠥᠮᠪᠥᠭᠡᠨ ᠪᠦᠯᠬᠦᠮ᠂ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠤᠤᠯ ᠤᠨ ᠲᠡᠮᠥᠷ ᠵᠠᠮ︶᠂ | ᠬᠡᠦᠷᠰᠢᠭᠦᠯᠬᠦ ᠭᠤᠷᠪᠠᠨ ᠠᠵᠤ ᠠᠬᠤᠶᠢᠯᠠᠯ ︵ᠱᠧᠨ ᠬᠤᠸᠠ ᠬᠡᠤᠷᠰᠢᠭᠦᠯᠬᠦ᠂ ᠪᠤᠭᠤᠲᠤ ᠶᠢᠨ ᠪᠣᠯᠣᠳ ᠲᠡᠮᠦᠷ ᠤᠨ ᠴᠢᠩ ᠬᠤᠸᠠ᠂ ᠾᠸᠢ ᠮᠤᠤ ᠨᠡᠭᠦᠷᠡᠰᠦ | ᠬᠢᠮᠢ ᠶᠢᠨ ᠠᠵᠤ ᠦᠢᠯᠡᠳᠪᠦᠷᠢ︶ ᠤᠨ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ 2028 ᠣᠨ ᠤ ᠡᠴᠦᠰ ᠲᠤ ᠨᠢᠭᠡᠨ | ᠱᠦᠢᠨᠢ ᠶᠢᠨ ᠠᠵᠤ ᠠᠬᠤᠶᠢᠯᠠᠯ ︵ᠵᠥᠩ ᠯᠢᠶᠠᠨ ᠱᠦᠢᠨᠢ ᠶᠢᠨ ᠠᠵᠤ ᠦᠢᠯᠡᠳᠪᠦᠷᠢ ᠶᠢᠨ ᠪᠦᠯᠦᠭᠯᠡᠯ ᠺᠣᠮᠫᠠᠨᠢ︶ ᠢ ᠪᠡᠶᠡᠯᠡᠭᠦᠯᠦᠨ᠎ᠡ᠃︶ ᠬᠡᠲᠦ ᠳᠤᠤᠷ᠎ᠠ | ᠭᠠᠳᠠᠭ᠋ᠰᠢᠯᠠᠬᠤᠯᠬᠤ ᠥᠭᠡᠷᠡᠴᠢᠯᠡᠯᠲᠡ᠃ 2024 ᠣᠨ ᠤ 9 ᠰᠠᠷ᠎ᠠ ᠶᠢᠨ ᠰᠡᠭᠦᠯᠴᠢ ᠠᠴᠠ ᠡᠮᠦᠨ᠎ᠡ ᠽᠢ ᠶᠢᠨ ᠥᠩᠭᠡᠲᠦ ᠲᠡᠮᠦᠷᠯᠢᠭ᠂ ᠳ᠋ᠠ ᠭᠦᠩ ᠢᠯᠴᠢ ᠶᠢᠨ | ᠬᠦᠴᠦᠨ᠂ ᠹᠦ᠋ ᠶᠤᠸᠠᠨ ᠢᠯᠴᠢ ᠶᠢᠨ ᠬᠦᠴᠦᠨ᠂ ᠬᠤᠤ ᠱᠧᠩ ᠢᠯᠴᠢ ᠶᠢᠨ ᠬᠦᠴᠦᠨ᠂ ᠵᠢᠩ ᠰᠢᠶᠠᠩ ᠢᠯᠴᠢ ᠶᠢᠨ ᠬᠦᠴᠦᠨ᠂ ᠲᠡᠮᠢᠷ ᠤᠨ ᠢᠯᠴᠢ ᠬᠦᠴᠦᠨ ᠤ | 65 ᠲᠣᠨ / ᠴᠠᠭ ᠵᠢᠴᠢ ᠲᠡᠭᠦᠨ ᠠᠴᠠ ᠳᠡᠭᠡᠭᠰᠢᠬᠢ ᠨᠡᠭᠦᠷᠡᠰᠦ ᠰᠢᠲᠠᠭᠠᠬᠤ ᠭᠦᠸᠧᠯᠦ ᠶᠢ ᠬᠡᠲᠦ ᠳᠣᠤᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠶᠢ ᠪᠡᠶᠡᠯᠡᠭᠦᠯᠵᠦ᠂ | ᠭᠠᠳᠠᠭᠰᠢᠯᠠᠭᠤᠯᠬᠤ ᠬᠢᠵᠠᠭᠠᠷ ᠤᠨ ᠬᠡᠮᠵᠢᠭᠳᠡᠯ ᠢ ᠨᠡᠭᠦᠷᠡᠰᠦ ᠰᠢᠲᠠᠭᠠᠬᠤ ᠴᠠᠬᠢᠯᠭᠠᠨ ᠤ ᠦᠢᠯᠡᠳᠪᠦᠷᠢ ᠶᠢᠨ ᠬᠡᠲᠦ ᠳᠣᠤᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠶᠢᠨ | ᠱᠠᠭᠠᠷᠳᠠᠯᠭ᠎ᠠ ᠪᠠᠷ ᠯᠠᠪᠯᠠᠯᠲᠠ ᠪᠣᠯᠭᠠᠨ᠎ᠠ᠃ ︵ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠠᠭᠠᠷ ᠮᠠᠨᠳᠠᠯ ᠳᠤ ᠬᠤᠯᠪᠣᠭᠳᠠᠭᠰᠠᠨ ᠠᠵᠢᠯ ᠲᠥᠷᠥᠯ ᠤᠨ ᠦᠷ᠎ᠡ ᠪᠦᠲᠦᠮᠵᠢ ᠪᠠᠷ ᠳᠣᠣᠷ᠎ᠠ ᠪᠠ ᠦᠷ᠎ᠡ ᠪᠦᠲᠦᠮᠵᠢᠲᠡᠶ ᠪᠠᠷ ᠪᠣᠬᠢᠷᠲᠤᠯ ᠢ ᠵᠠᠰᠠᠬᠤ | ᠪᠡᠯᠡᠳᠬᠡᠮᠵᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠪᠣᠬᠢᠷᠲᠤᠯ ᠢ ᠵᠠᠰᠠᠬᠤ ᠪᠡᠯᠡᠳᠬᠡᠮᠵᠢ ᠶᠢᠨ ᠠᠵᠢᠯᠯᠠᠭᠠᠨ ᠤ ᠬᠠᠮᠠᠭᠠᠯᠠᠯᠲᠠ ᠶᠢ | ᠴᠢᠩᠭᠠᠷᠠᠭᠤᠯᠤᠨ᠂ ᠬᠡᠪ ᠤᠨ ᠪᠤᠰᠤ ᠠᠵᠢᠯᠯᠠᠭᠠᠨ ᠤ ᠪᠠᠶᠢᠳᠠᠯ ᠤᠨ ᠭᠠᠳᠠᠭᠰᠢᠯᠠᠭᠤᠯᠤᠯᠲᠠ ᠶᠢ ᠪᠠᠭᠠᠰᠬᠠᠨ᠎ᠠ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠲᠣᠭᠤᠰᠣ ᠳᠡᠭᠳᠡᠬᠦ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠨᠤᠨᠲᠠᠭ ᠬᠡᠯᠪᠡᠷᠢ ᠶᠢᠨ ᠪᠣᠳᠠᠰ ᠣᠪᠣᠭᠠᠯᠠᠬᠤ ᠲᠠᠯᠠᠪᠠᠢ ᠶᠢ ᠪᠦᠬᠦᠨ ᠢ ᠪᠢᠲᠡᠭᠦᠮᠵᠢᠯᠡᠵᠦ᠂ | ᠭᠤᠣᠯᠳᠠᠯᠭ᠎ᠠ ᠲᠠᠢ ᠠᠵᠤ ᠠᠬᠤᠶᠢᠯᠠᠯ ᠡᠷᠬᠡᠪᠰᠢ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠰᠢᠰᠲ᠋ᠧᠮ ᠤᠭᠰᠠᠷᠠᠬᠤ ᠬᠡᠷᠡᠭᠲᠡᠢ᠃ ᠠᠮᠢᠳᠤ ᠪᠣᠳᠠᠰ ᠤᠨ ᠮᠠᠰᠳᠤ | ᠵᠤᠤᠬ᠎ᠠ ᠳᠤ ᠲᠤᠰᠬᠠᠶ ᠬᠡᠷᠡᠭᠯᠡᠬᠦ ᠭᠦᠸᠧᠯᠦ ᠶᠢ ᠬᠡᠷᠡᠭᠯᠡᠵᠦ᠂ ᠪᠦᠰ ᠤᠨ ᠤᠭᠤᠲᠠ ᠵᠡᠷᠭᠡ ᠴᠢᠨᠠᠷ ᠰᠠᠶᠢᠲᠠᠶ ᠲᠣᠭᠤᠰᠣ ᠠᠷᠢᠯᠭᠠᠬᠤ ᠪᠡᠯᠡᠳᠬᠡᠮᠵᠢ ᠶᠢ ᠢᠵᠢ | ᠪᠥᠷᠢᠳᠦᠭᠦᠯᠵᠦ᠂ ᠨᠡᠭᠦᠷᠡᠰᠦ᠂ ᠠᠮᠢᠳᠤᠷᠠᠯ ᠤᠨ ᠬᠤᠭ ᠨᠣᠪᠰᠢ ᠵᠡᠷᠭᠡ ᠪᠤᠰᠤᠳ ᠪᠣᠳᠠᠰ ᠤᠨ ᠮᠠᠲ᠋ᠧᠷᠢᠶᠠᠯ ᠢ ᠬᠤᠯᠢᠵᠤ ᠰᠢᠲᠠᠭᠠᠬᠤ ᠶᠢ ᠴᠠᠭᠠᠵᠠᠯᠠᠨ᠎ᠠ᠃ 2025 | ᠣᠨ ᠤ ᠰᠡᠭᠦᠯᠴᠢ ᠠᠴᠠ ᠡᠮᠦᠨ᠎ᠡ ᠰᠢᠲᠠᠮᠠᠬᠠᠶ ᠬᠡᠶ ᠶᠢᠨ ᠭᠦᠸᠧᠯᠦ ᠶᠢ ᠳᠣᠤᠷ᠎ᠠ ᠠᠽᠣᠲ ᠭᠠᠳᠠᠭᠰᠢᠯᠠᠭᠤᠯᠬᠤ ᠱᠠᠭᠠᠷᠳᠠᠯᠭ᠎ᠠ ᠳᠤ ᠲᠣᠭᠲᠠᠭᠤᠨ ᠢᠶᠠᠷ ᠬᠦᠷᠦᠭᠦᠯᠦᠨ᠎ᠡ᠃ | 2026 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠯᠢᠨ ᠾᠧ ᠲᠣᠭᠤᠷᠢᠭ᠂ ᠤᠷᠠᠳ ᠤᠨ ᠡᠮᠦᠨᠡᠲᠦ ᠬᠤᠰᠢᠭᠤᠨ ᠤ ᠠᠵᠤ ᠦᠢᠯᠡᠳᠪᠦᠷᠢ ᠶᠢᠨ ᠠᠵᠤ | ᠠᠬᠤᠶᠢᠯᠠᠯ ᠪᠠ ᠲᠡᠮᠦᠷ ᠤᠨ ᠬᠠᠶᠢᠯᠤᠰᠢ ᠶᠢᠨ ᠠᠵᠢᠯ ᠲᠥᠷᠥᠯ ᠴᠥᠮ ᠠᠭᠠᠷ ᠮᠠᠨᠳᠠᠯ ᠤᠨ ᠪᠣᠬᠢᠷᠲᠤᠯ ᠪᠣᠳᠠᠰ ᠤᠨ ᠣᠨᠴᠠᠭᠠᠶ ᠭᠠᠳᠠᠭᠰᠢᠯᠠᠭᠤᠯᠤᠯᠲᠠ ᠶᠢ ᠬᠢᠵᠠᠭᠠᠷᠯᠠᠬᠤ | ᠱᠠᠭᠠᠷᠳᠠᠯᠭ᠎ᠠ ᠶᠢ ᠬᠡᠷᠡᠭᠵᠢᠭᠦᠯᠦᠨ᠎ᠡ᠃ ︵ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠠᠷᠪᠠ ᠶᠢᠰᠦ︶ ᠢᠳᠡᠭᠡᠨ ᠤᠮᠳᠠᠭᠠᠨ ᠤ ᠲᠣᠰᠣᠨ ᠣᠲᠤᠭ᠎ᠠ ᠪᠠ ᠦᠮᠡᠬᠡᠢ ᠦᠨᠦᠷ ᠦᠨᠦᠷ ᠢ ᠲᠤᠰᠬᠠᠶᠢᠯᠠᠨ ᠵᠠᠰᠠᠬᠤ ᠠᠵᠢᠯ ᠢ ᠦᠷᠨᠢᠭᠦᠯᠦᠨ᠎ᠡ᠃ | ᠰᠠᠭᠤᠭᠠᠯᠢ ᠠᠷᠠᠳ ᠤᠨ ᠠᠰᠠᠷ ᠤᠨ ᠣᠶᠢᠷ᠎ᠠ ᠬᠠᠪᠢ ᠶᠢᠨ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢᠨ ᠪᠠᠶᠢᠷᠢᠰᠢᠭᠤᠯᠤᠯ ᠬᠠᠮᠢᠶᠠᠷᠤᠯᠲᠠ ᠶᠢ ᠴᠢᠩᠳᠠᠯᠠᠵᠤ᠂ | ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢ ᠨᠡᠭᠡᠭᠡᠬᠦ ᠪᠠᠷ ᠲᠥᠯᠥᠪᠯᠡᠵᠦ ᠪᠠᠶᠢᠭ᠎ᠠ ᠪᠠᠷᠢᠯᠭ᠎ᠠ ᠳᠤ ᠲᠠᠮᠠᠬᠢ ᠭᠠᠳᠠᠭᠰᠢᠯᠠᠭᠤᠯᠬᠤ ᠬᠤᠭᠤᠯᠠᠶ ᠶᠢ ᠵᠢᠷᠤᠭᠯᠠᠨ | ᠲᠥᠯᠥᠪᠯᠡᠵᠦ ᠪᠦᠲᠦᠭᠡᠨ ᠪᠠᠶᠢᠭᠤᠯᠵᠤ᠂ ᠲᠣᠰᠣ ᠤᠲᠤᠭ᠎ᠠ ᠭᠠᠳᠠᠭᠰᠢᠯᠠᠭᠤᠯᠬᠤ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠡᠷᠬᠡᠪᠰᠢ ᠲᠣᠰᠣᠨ ᠤᠲᠤᠭ᠎ᠠ ᠶᠢ | ᠴᠡᠪᠡᠷᠰᠢᠭᠦᠯᠬᠦ ᠪᠡᠯᠡᠳᠬᠡᠮᠵᠢ ᠤᠭᠰᠠᠷᠠᠬᠤ ᠬᠡᠷᠡᠭᠲᠡᠶ᠃ ᠦᠮᠡᠬᠡᠢ ᠦᠨᠦᠷ ᠢᠶᠠᠷ ᠠᠷᠠᠳ ᠢ ᠦᠢᠮᠡᠭᠦᠯᠬᠦ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ | ᠠᠵᠢᠯ ᠢ ᠥᠷᠨᠢᠭᠦᠯᠵᠦ᠂ ᠣᠯᠠᠨ ᠲᠦᠮᠡᠨ ᠤ ᠲᠤᠰᠬᠠᠯ ᠶᠡᠬᠡᠲᠡᠶ᠂ ᠵᠠᠭᠠᠯᠳᠤᠯᠭ᠎ᠠ ᠲᠥᠪᠯᠡᠷᠡᠭᠰᠡᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ | ᠭᠤᠤᠯᠳᠠᠯᠭ᠎ᠠ ᠲᠠᠢ ᠠᠵᠤ ᠠᠬᠤᠶᠢᠯᠠᠯ ᠤᠳ ᠠᠵᠢᠯᠯᠠᠭᠠᠨ ᠤ ᠰᠦᠯᠵᠢᠶᠡᠨ ᠳᠡᠭᠡᠷᠡᠬᠢ ᠬᠢᠨᠠᠨ ᠰᠢᠨᠵᠢᠬᠦ ᠰᠢᠰᠲ᠋ᠧᠮ ᠢ ᠤᠭᠰᠠᠷᠠᠬᠤ ᠬᠡᠷᠡᠭᠲᠡᠶ᠃ ᠳ᠋ᠧ ᠶᠤᠸᠠᠨ | ᠪᠣᠷᠲᠣᠭᠤᠷ ᠤᠨ ᠦᠢᠯᠡᠰ᠂ ᠯᠢᠶᠠᠨ ᠾᠧ ᠡᠮ ᠦᠢᠯᠡᠳᠬᠦ᠂ ᠬᠤᠸᠠ ᠾᠧᠩ ᠠᠮᠢᠳᠤ ᠪᠣᠳᠠᠰ᠂ ᠯᠢ ᠶᠢᠨ ᠬᠢᠮᠢ ᠶᠢᠨ ᠠᠵᠤ ᠦᠢᠯᠡᠳᠪᠦᠷᠢ ᠵᠡᠷᠭᠡ ᠠᠵᠤ | ᠠᠬᠤᠶᠢᠯᠠᠯ ᠤᠨ ᠣᠨᠳᠣᠣ ᠦᠨᠦᠷ ᠢ ᠭᠦᠨᠵᠡᠭᠡᠶ ᠵᠠᠰᠠᠬᠤ ᠶᠢ ᠬᠡᠷᠡᠭᠵᠢᠭᠦᠯᠵᠦ᠂ ᠬᠤᠭ ᠨᠣᠪᠰᠢ᠂ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠪᠡᠯᠡᠳᠬᠡᠮᠵᠢ ᠶᠢᠨ | ᠭᠤᠤᠯᠳᠠᠯᠭ᠎ᠠ ᠲᠠᠢ ᠭᠤᠭᠴᠤᠭ᠎ᠠ ᠶᠢᠨ ᠦᠮᠡᠬᠡᠢ ᠦᠨᠦᠷ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠎ᠠ᠃ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ | ᠴᠢᠩᠭᠠᠳᠬᠠᠵᠤ᠂ ᠠᠷᠠᠳ ᠣᠯᠠᠨ ᠤ ᠲᠤᠰᠬᠠᠯ ᠲᠥᠪᠯᠡᠷᠡᠭᠰᠡᠨ ᠲᠣᠰᠣᠨ ᠣᠲᠤᠭ᠎ᠠ ᠵᠢᠴᠢ ᠦᠮᠡᠬᠡᠢ ᠦᠨᠦᠷ ᠢᠶᠠᠷ ᠠᠷᠠᠳ ᠢ ᠦᠢᠮᠡᠭᠦᠯᠬᠦ ᠠᠰᠠᠭᠤᠳᠠᠯ ᠢ ᠭᠠᠵᠠᠷ | ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠰᠢᠢᠳᠪᠦᠷᠢᠯᠡᠨ᠎ᠡ᠃ ︵ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠷᠢ︶ ᠠᠭᠠᠷ ᠮᠠᠨᠳᠠᠯ ᠤᠨ ᠰᠢᠪᠲᠦᠷ ᠤᠨ ᠪᠣᠬᠢᠷᠲᠤᠯ ᠢ ᠰᠡᠷᠭᠡᠶᠢᠯᠡᠨ ᠡᠵᠡᠮᠳᠡᠬᠦ ᠶᠢ ᠠᠬᠢᠭᠤᠯᠤᠨ᠎ᠠ᠃ ᠲᠡᠵᠢᠭᠡᠨ ᠦᠷᠡᠵᠢᠭᠦᠯᠬᠦ ᠦᠢᠯᠡᠰ᠂ ᠲᠠᠷᠢᠮᠠᠯ ᠤᠨ | ᠦᠢᠯᠡᠰ ᠢ ᠬᠡᠪᠴᠢᠶᠡᠵᠢᠭᠦᠯᠬᠦ ᠪᠠ ᠡᠷᠴᠢᠮᠵᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠲᠠᠷᠢᠵᠤ ᠲᠡᠵᠢᠭᠡᠬᠦ ᠶᠢ ᠣᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠵᠤ᠂ | ᠮᠠᠯ ᠵᠢᠭᠦᠷᠲᠡᠨ ᠤ ᠢᠯᠭᠠᠳᠠᠰᠤ ᠶᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠭᠠᠭ᠋ᠠᠶ᠂ ᠲᠠᠬᠢᠶ᠎ᠠ ᠵᠡᠷᠭᠡ ᠬᠠᠰᠢᠶ᠎ᠠ ᠰᠠᠷᠠᠪᠴᠢ ᠶᠢ ᠪᠢᠲᠡᠭᠦᠮᠵᠢᠯᠡᠨ | ᠬᠠᠮᠢᠶᠠᠷᠬᠤ ᠶᠢ ᠵᠣᠷᠢᠭᠵᠢᠭᠤᠯᠵᠤ᠂ ᠪᠠᠭᠠᠰᠤᠨ ᠪᠣᠬᠢᠷᠲᠤᠯ ᠢ ᠬᠦᠷᠭᠡᠬᠦ᠂ ᠬᠠᠳᠠᠭᠠᠯᠠᠬᠤ ᠵᠢᠴᠢ ᠰᠢᠢᠳᠪᠦᠷᠢᠯᠡᠬᠦ ᠪᠡᠯᠡᠳᠬᠡᠮᠵᠢ ᠶᠢ ᠪᠢᠲᠡᠭᠦᠮᠵᠢᠯᠡᠬᠦ ᠶᠢ ᠠᠬᠢᠭᠤᠯᠵᠤ᠂ | ᠬᠠᠶᠠᠭᠳᠠᠮᠠᠯ ᠬᠡᠢ ᠶᠢ ᠴᠤᠭᠯᠠᠭᠤᠯᠬᠤ ᠪᠠ ᠰᠢᠢᠳᠪᠦᠷᠢᠯᠡᠬᠦ ᠶᠢ ᠴᠢᠩᠭᠠᠳᠬᠠᠨ᠎ᠠ᠃ ᠬᠥᠷᠥᠰᠥ ᠰᠢᠷᠣᠶ ᠶᠢ ᠰᠢᠨᠵᠢᠯᠡᠨ ᠨᠠᠶᠢᠷᠠᠭᠤᠯᠤᠮᠠᠯ ᠪᠣᠷᠳᠣᠭᠤᠷ ᠣᠷᠣᠭᠤᠯᠬᠤ ᠪᠠ | ᠪᠣᠷᠳᠣᠭᠤᠷ ᠢ ᠭᠦᠨ ᠣᠷᠣᠭᠤᠯᠬᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ ᠣᠷᠭᠠᠨᠢᠭ ᠪᠣᠷᠳᠣᠭᠤᠷ ᠨᠡᠮᠡᠵᠦ ᠣᠷᠣᠭᠤᠯᠬᠤ ᠵᠡᠷᠭᠡ ᠥᠨᠳᠥᠷ ᠦᠷ᠎ᠡ | ᠪᠦᠲᠦᠮᠵᠢᠲᠡᠶ ᠪᠣᠷᠳᠣᠭᠤᠷ ᠣᠷᠣᠭᠤᠯᠬᠤ ᠮᠡᠷᠭᠡᠵᠢᠯ ᠢ ᠳᠡᠯᠭᠡᠷᠡᠭᠦᠯᠬᠦ ᠬᠡᠷᠡᠭᠲᠡᠶ᠃ ᠠᠽᠣᠲ ᠪᠣᠷᠳᠣᠭᠤᠷ᠂ ᠴᠡᠪᠡᠷ ᠬᠤᠵᠢᠷ ᠵᠡᠷᠭᠡ ᠠᠵᠢᠯ ᠲᠥᠷᠥᠯ ᠤᠨ ᠰᠢᠪᠲᠦᠷ ᠤᠨ | ᠭᠠᠳᠠᠭᠰᠢᠯᠠᠭᠤᠯᠬᠤ ᠵᠠᠰᠠᠯᠲᠠ ᠶᠢ ᠴᠢᠩᠭᠠᠳᠬᠠᠵᠤ᠂ ᠠᠵᠤ ᠦᠢᠯᠡᠳᠪᠦᠷᠢ ᠶᠢᠨ ᠢᠷᠡᠯᠲᠡ ᠶᠢᠨ ᠤᠲᠤᠭᠠᠨ ᠤ ᠬᠦᠬᠦᠷ ᠥᠬᠡᠶᠢᠳᠡᠭᠦᠯᠬᠦ ᠱᠡᠦ ᠥᠬᠡᠶᠢᠳᠡᠭᠦᠯᠬᠦ | ᠰᠢᠪᠲᠦᠷ ᠤᠨ ᠳᠤᠲᠠᠭᠳᠠᠬᠤ ᠶᠢ ᠰᠡᠷᠭᠡᠶᠢᠯᠡᠨ ᠡᠵᠡᠮᠳᠡᠬᠦ ᠶᠢ ᠴᠢᠩᠭᠠᠷᠠᠭᠤᠯᠵᠤ᠂ ᠥᠳᠬᠡᠴᠡ ᠶᠢ 8 ᠮᠢᠯᠢᠭᠷᠡᠮ / ᠺᠦᠪ ᠮᠧᠲᠷ ᠠᠴᠠ ᠳᠣᠷᠣᠭᠰᠢ ᠪᠠᠶᠢᠯᠭᠠᠬᠤ ᠬᠡᠷᠡᠭᠲᠡᠶ᠃ | ︵ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠲᠤᠯᠤᠭ᠎ᠠ᠂ ᠠᠭᠠᠷ ᠮᠠᠨᠳᠠᠯ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ | ︵ᠬᠤᠷᠢᠨ ᠨᠢᠭᠡ︶ ᠣᠷᠣᠨ ᠪᠦᠰᠡ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠴᠢᠩᠭᠠᠳᠬᠠᠨ᠎ᠠ᠃ ᠮᠠᠨ ᠤ ᠬᠤᠲᠠ ᠶᠢᠨ ᠭᠤᠣᠯ ᠬᠤᠲᠠ | ᠲᠣᠭᠤᠷᠢᠭ ᠤᠨ ᠠᠭᠠᠷ ᠮᠠᠨᠳᠠᠯ ᠤᠨ ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠠᠵᠢᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠤᠨ᠎ᠠ | ᠃ ᠠᠭᠠᠷ ᠤᠨ ᠶᠠᠰᠤ ᠴᠢᠨᠠᠷ ᠤᠨ ᠪᠠᠷᠢᠮᠵᠢᠶ᠎ᠠ ᠳᠤ ᠬᠦᠷᠦᠭᠡᠳᠦᠶ ᠬᠤᠰᠢᠭᠤ ᠰᠢᠶᠠᠨ ᠲᠣᠭᠤᠷᠢᠭ ᠨᠢ ᠠᠭᠠᠷ ᠮᠠᠨᠳᠠᠯ ᠤᠨ ᠣᠷᠴᠢᠨ ᠲᠣᠭᠤᠷᠢᠨ ᠤ ᠶᠠᠰᠤ ᠴᠢᠨᠠᠷ ᠢ | ᠬᠤᠭᠤᠴᠠᠭ᠎ᠠ ᠬᠢᠵᠠᠭᠠᠷᠯᠠᠨ ᠪᠠᠷᠢᠮᠵᠢᠶ᠎ᠠ ᠳᠤ ᠬᠦᠷᠦᠭᠦᠯᠬᠦ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠬᠦ ᠶᠢᠨ ᠬᠠᠮᠲᠤ ᠨᠡᠶᠢᠭᠡᠮ ᠳᠤ ᠨᠡᠶᠢᠲᠡᠯᠡᠬᠦ | ᠬᠡᠷᠡᠭᠲᠡᠶ᠃ ᠵᠡᠷᠭᠡᠯᠡᠳᠡᠭᠡ ᠬᠤᠰᠢᠭᠤ ᠰᠢᠶᠠᠩ ᠲᠣᠭᠤᠷᠢᠭ ᠨᠢ ᠬᠤᠯᠪᠣᠭᠠᠯᠠᠨ ᠬᠠᠤᠯᠢ ᠬᠡᠷᠡᠭᠵᠢᠭᠦᠯᠵᠦ ᠪᠠᠢᠨ᠎ᠠ᠃ ︵ᠬᠤᠲᠠ ᠶᠢᠨ ᠠᠮᠢ ᠠᠬᠤᠶ ᠶᠢᠨ ᠣᠷᠴᠢᠨ | ᠲᠣᠭᠤᠷᠢᠨ ᠤ ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠷᠢᠨ ᠬᠤᠶᠠᠷ︶ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠶ᠃ ᠠᠮᠢ ᠠᠬᠤᠶ ᠶᠢᠨ ᠣᠷᠴᠢᠨ | ᠲᠣᠭᠤᠷᠢᠨ᠂ ᠴᠠᠭ ᠠᠭᠤᠷ ᠤᠨ ᠰᠠᠯᠠᠭ᠎ᠠ ᠮᠥᠴᠢᠷ ᠤᠳ ᠬᠠᠮᠲᠤᠷᠠᠨ ᠵᠥᠪᠳᠡᠯᠴᠡᠵᠦ ᠤᠷᠢᠳᠴᠢᠯᠠᠨ ᠮᠡᠳᠡᠭᠡᠯᠡᠬᠦ ᠲᠣᠭᠲᠠᠴᠠ ᠶᠢ ᠴᠢᠩᠭᠠᠳᠬᠠᠨ᠎ᠠ᠃ ︽ᠪᠠᠶᠠᠨᠨᠠᠭᠤᠷ | ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠴᠢᠩᠭ᠎ᠠ ᠨᠠᠶᠢᠳᠠᠪᠤᠷᠢᠵᠢᠭᠤᠯᠤᠨ᠎ᠠ ︵2024 | ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ | ᠨᠠᠷᠢᠨ ᠬᠠᠭᠤᠳᠠᠰᠤ ᠶᠢ ᠰᠢᠨᠡᠳᠬᠡᠵᠦ᠂ ᠭᠤᠤᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠠᠮᠵᠢᠯᠲᠠ ᠪᠦᠲᠦᠮᠵᠢ ᠶᠢ ᠲᠠᠰ ᠬᠤᠪᠢᠶᠠᠬᠤ ᠶᠢ | ᠥᠷᠨᠢᠭᠦᠯᠦᠨ᠎ᠡ᠃ ︵ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠨᠠᠢᠮᠠ᠂ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠦᠨ᠎ᠡ | ︵ᠬᠤᠷᠢᠨ ᠭᠤᠷᠪᠠ︶ ᠬᠢᠨᠠᠨ ᠬᠡᠮᠵᠢᠵᠦ ᠬᠢᠨᠠᠨ ᠡᠵᠡᠮᠳᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠣᠷᠴᠢᠨ ᠲᠣᠭᠤᠷᠢᠨ ᠤ ᠠᠭᠠᠷ ᠤᠨ | ᠶᠠᠰᠤ ᠴᠢᠨᠠᠷ ᠢ ᠬᠢᠨᠠᠨ ᠰᠢᠨᠵᠢᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ ᠰᠢᠶᠠᠩ ᠪᠠᠯᠭᠠᠰᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠲᠡᠮᠦᠷ ᠵᠠᠮ ᠤᠨ | ᠪᠠᠷᠠᠭᠠᠨ ᠤ ᠲᠠᠯᠠᠪᠠᠶ᠂ ᠨᠢᠰᠬᠡᠯ ᠤᠨ ᠪᠠᠭᠤᠳᠠᠯ᠂ ᠵᠠᠰᠠᠮᠠᠯ ᠵᠠᠮ ᠵᠡᠷᠭᠡ ᠠᠭᠠᠷ ᠤᠨ ᠶᠠᠰᠤ ᠴᠢᠨᠠᠷ ᠢ ᠬᠢᠨᠠᠨ ᠰᠢᠨᠵᠢᠬᠦ ᠥᠷᠲᠡᠭᠡ ᠴᠢᠭ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠲᠠᠢ ᠬᠠᠮᠵᠢᠯᠴᠠᠨ ᠡᠯᠡᠰᠦᠨ ᠤ ᠡᠬᠢ ᠶᠢᠨ | ᠣᠷᠣᠨ ᠵᠢᠴᠢ ᠡᠯᠡᠰᠦᠨ ᠰᠢᠭᠤᠷᠭ᠎ᠠ ᠶᠢᠨ ᠠᠷᠭ᠎ᠠ ᠵᠠᠮ ᠤᠨ ᠣᠷᠣᠨ ᠤ ᠴᠠᠭ ᠠᠭᠤᠷ᠂ ᠠᠭᠠᠷ ᠤᠨ ᠶᠠᠰᠤ ᠴᠢᠨᠠᠷ ᠵᠡᠷᠭᠡ ᠬᠢᠨᠠᠨ ᠰᠢᠨᠵᠢᠬᠦ ᠰᠦᠯᠵᠢᠶ᠎ᠡ ᠶᠢ ᠨᠢᠭᠡ | ᠴᠤᠭᠴᠠᠵᠢᠭᠤᠯᠬᠤ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠠᠭᠠᠷ ᠮᠠᠨᠳᠠᠯ ᠤᠨ ᠣᠷᠴᠢᠨ ᠲᠣᠭᠤᠷᠢᠨ ᠤ ᠭᠤᠤᠯᠳᠠᠯᠭ᠎ᠠ ᠲᠠᠢ ᠪᠣᠬᠢᠷᠲᠤᠯ ᠭᠠᠳᠠᠭᠰᠢᠯᠠᠭᠤᠯᠬᠤ | ᠨᠢᠭᠡᠴᠢ ᠶᠢᠨ ᠨᠡᠷᠡᠰ ᠢ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠨ᠎ᠡ᠃ ᠰᠢᠯᠵᠢᠮᠡᠯ ᠡᠬᠢ ᠰᠤᠷᠪᠤᠯᠵᠢ ᠶᠢᠨ ᠣᠷᠴᠢᠨ ᠲᠣᠭᠤᠷᠢᠨ ᠢ ᠬᠢᠨᠠᠨ ᠬᠠᠮᠢᠶᠠᠷᠬᠤ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠠᠨ ᠤ ᠬᠤᠲᠠ ᠶᠢᠨ ᠬᠦᠨᠳᠦ ᠬᠡᠯᠪᠡᠷᠢ ᠶᠢᠨ ᠴᠠᠶᠢᠶ᠋ᠢᠦ ᠲᠡᠷᠭᠡ ᠪᠠ ᠵᠠᠮ ᠬᠠᠷᠢᠯᠴᠠᠭᠠᠨ ᠤ ᠪᠤᠰᠤ ᠰᠢᠯᠵᠢᠮᠡᠯ | ᠮᠠᠰᠢᠨ ᠤ ᠠᠯᠤᠰ ᠡᠵᠡᠮᠰᠢᠯᠲᠦ ᠰᠦᠯᠵᠢᠶᠡᠨ ᠳᠡᠭᠡᠷᠡᠬᠢ ᠬᠢᠨᠠᠨ ᠡᠵᠡᠮᠳᠡᠬᠦ ᠲᠠᠪᠴᠠᠩ ᠢ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠤᠨ ᠤᠭᠰᠠᠷᠠᠯᠲᠠ ᠶᠢᠨ ᠠᠵᠢᠯ ᠤᠨ | ᠪᠠᠶᠢᠳᠠᠯ ᠢ ᠬᠢᠨᠠᠨ ᠡᠵᠡᠮᠳᠡᠬᠦ᠂ ᠴᠠᠬᠢᠯᠭᠠᠨ ᠬᠡᠷᠡᠭᠯᠡᠬᠦ ︵ᠡᠨᠧᠷᠭᠢ ᠬᠡᠷᠡᠭᠯᠡᠬᠦ ᠶᠢ ᠠᠬᠢᠭᠤᠯᠬᠤ︶︶ ᠬᠢᠨᠠᠨ ᠡᠵᠡᠮᠳᠡᠬᠦ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ | ᠵᠡᠷᠭᠡ ᠳᠤ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ ᠲᠠᠢ ᠰᠦᠯᠵᠢᠶ᠎ᠡ ᠬᠤᠯᠪᠣᠪᠠ᠃ ︵ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ | ᠂ ᠵᠠᠮ ᠬᠠᠷᠢᠯᠴᠠᠭᠠᠨ ᠤ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠷᠢᠨ ᠳᠥᠷᠪᠡ︶ ᠠᠭᠠᠷ ᠮᠠᠨᠳᠠᠯ ᠤᠨ ᠣᠷᠴᠢᠨ ᠲᠣᠭᠤᠷᠢᠨ ᠤ ᠬᠢᠨᠠᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠶᠢ ᠴᠢᠩᠭᠠᠳᠬᠠᠨ᠎ᠠ᠃ ︽ᠬᠤᠶᠠᠷ ᠢ | ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠰᠦᠯᠵᠢᠶᠡᠨ ᠳᠡᠭᠡᠷ᠎ᠡ ᠬᠢᠨᠠᠨ ᠬᠡᠮᠵᠢᠬᠦ᠂ ᠴᠠᠬᠢᠯᠭᠠᠨ ᠤ | ᠬᠡᠮᠵᠢᠶ᠎ᠡ ᠶᠢ ᠬᠢᠨᠠᠨ ᠡᠵᠡᠮᠳᠡᠬᠦ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠠᠰᠢᠭᠯᠠᠨ᠂ ᠲᠤᠬᠠᠶ ᠶᠢᠨ | ᠲᠠᠯᠠᠪᠤᠷ ᠤᠨ ᠪᠤᠰᠤ ᠬᠢᠨᠠᠨ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠣᠬᠢᠷᠲᠤᠯ ᠤᠨ ᠡᠬᠢ ᠰᠤᠷᠪᠤᠯᠵᠢ ᠶᠢ ᠠᠦ᠋ᠲ᠋ᠣ᠋ ᠪᠠᠷ ᠬᠢᠨᠠᠨ ᠰᠢᠨᠵᠢᠬᠦ | ᠲᠥᠬᠦᠭᠡᠷᠦᠮᠵᠢ ᠶᠢᠨ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠰᠢᠨᠵᠢᠭᠰᠡᠨ ᠲᠤᠭ᠎ᠠ ᠪᠠᠷᠢᠮᠲᠠ ᠶᠢᠨ ᠶᠠᠰᠤ ᠴᠢᠨᠠᠷ ᠪᠠ ᠲᠣᠭᠲᠠᠭᠤᠨ ᠢᠶᠠᠷ | ᠳᠠᠮᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠣᠷᠴᠢᠨ ᠲᠤᠭᠤᠷᠢᠨ ᠤ ᠬᠠᠦᠯᠢ ᠭᠡᠷᠡᠭᠵᠢᠬᠦᠯᠵᠦ ᠬᠢᠨᠡᠨ ᠰᠢᠨᠵᠢᠬᠦ ᠴᠢᠳᠡᠪᠦᠷᠢ ᠶᠢᠨ ᠪᠠᠶᠢᠭᠤᠯᠥᠯᠳᠡ ᠶᠢ | ᠴᠢᠩᠭᠠᠳᠬᠠᠵᠦ᠂ ᠭᠤᠤᠯᠳᠡᠯᠭ᠎ᠠ ᠲᠠᠢ ᠣᠷᠣᠨ ᠪᠦᠰᠡ᠂ ᠭᠤᠤᠯᠳᠡᠯᠭ᠎ᠠ ᠲᠠᠢ ᠠᠵᠢᠯ ᠳᠥᠷᠦᠯ ᠤᠨ ᠬᠢᠨᠡᠯᠳᠡ ᠳᠡᠯᠪᠢᠨ ᠬᠠᠦᠯᠢ ᠭᠡᠷᠡᠭᠵᠢᠬᠦᠯᠬᠦ ᠶᠢ ᠴᠢᠩᠭᠠᠷᠡᠭᠤᠯᠥᠨ᠂ | ᠡᠷᠡᠰ ᠪᠠᠳᠥ ᠪᠤᠬᠢᠷᠳᠣᠯ ᠭᠠᠳ᠋ᠬᠠᠰᠢᠯᠠᠭᠤᠯᠬᠤ ᠶᠢ ᠵᠠᠰᠬᠠᠥ ᠶᠢ ᠪᠡᠷᠢᠮᠳᠡᠯᠡᠵᠦ᠂ ᠳᠠᠯᠳᠠᠭᠤᠷ ᠭᠠᠳ᠋ᠬᠠᠰᠢᠯᠠᠭᠤᠯᠥᠠᠠᠰᠠᠨ᠂ ᠪᠠᠷᠢᠮᠵᠢᠶ᠎ᠠ ᠠᠴᠠ ᠭᠡᠳᠦᠷᠡᠳᠡᠯ᠎ᠠ | ᠭᠠᠳ᠋ᠬᠠᠰᠢᠯᠠᠭᠤᠯᠥᠠᠠᠰᠠᠨ᠂ ᠦᠪᠡᠷ ᠢᠶᠠᠨ ᠬᠢᠨᠡᠨ ᠰᠢᠨᠵᠢᠭᠰᠡᠨ ᠲᠤᠭ᠎ᠠ ᠪᠡᠷᠢᠮᠳᠡ ᠶᠢ ᠬᠤᠳᠡᠯ ᠬᠠᠭᠤᠷᠮᠠᠭ ᠢᠶᠠᠷ ᠵᠣᠬᠢᠶ᠋ᠬᠠᠥ᠂ ᠬᠡᠪ ᠤᠨ ᠪᠤᠰᠣ ᠠᠵᠢᠯᠯᠠᠭᠠᠨ ᠢ ᠵᠠᠰᠠᠬᠤ | ᠪᠡᠯᠡᠳᠭᠡᠮᠵᠢ ᠵᠡᠷᠭᠡ ᠣᠷᠴᠢᠨ ᠲᠤᠭᠤᠷᠢᠨ ᠤ ᠬᠠᠦᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠳᠡ ᠦᠭᠬᠦᠨ᠎ᠡ᠃ ᠭᠤᠤᠯᠳᠡᠯᠭ᠎ᠠ ᠲᠠᠢ ᠬᠦᠷᠢᠶ᠎ᠡ | ᠴᠡᠷᠠᠭ᠎ᠠ ᠳᠤ ᠬᠢᠨᠡᠯᠳᠡ ᠳᠡᠯᠪᠢᠨ ᠬᠠᠦᠯᠢ ᠭᠡᠷᠡᠭᠵᠢᠬᠦᠯᠬᠦ ᠶᠢ ᠴᠢᠩᠭᠠᠳᠬᠠᠵᠦ᠂ ᠬᠤᠳᠡᠯ ᠬᠠᠭᠤᠷᠮᠠᠭ ᠢᠶᠠᠷ ᠵᠣᠬᠢᠶ᠋ᠬᠠᠰᠠᠨ ᠪᠣᠬᠢᠷᠳᠦᠯ ᠭᠠᠳ᠋ᠬᠠᠰᠢᠯᠠᠭᠤᠯᠬᠤ ᠨᠢᠭᠡᠴᠡ ᠪᠠ | ᠭᠤᠷᠪᠠᠳᠡᠬᠢ ᠡᠳᠡᠭᠡᠳ ᠤᠨ ᠪᠠᠢᠭᠤᠯᠥᠮᠵᠢ᠂ ᠠᠵᠢᠯᠳᠡᠨ ᠠᠴᠠ ᠬᠠᠦᠯᠢ ᠶᠣᠰᠣᠭᠠᠷ ᠬᠠᠷᠢᠭᠤᠴᠠᠯᠭ᠎ᠠ ᠨᠡᠭᠡᠮᠵᠢᠯᠡᠵᠦ᠂ ᠶᠠᠯ᠎ᠠ ᠬᠢᠭᠰᠡᠨ ᠢᠶᠠᠷ ᠰᠡᠵᠢᠭᠯᠡᠭᠳᠡᠪᠡᠯ ᠬᠠᠦᠯᠢ | ᠶᠣᠰᠣᠭᠠᠷ ᠬᠠᠦᠯᠢ ᠴᠠᠭᠠᠵᠠ ᠶᠢᠨ ᠪᠠᠢᠭᠤᠯᠭ᠎ᠠ ᠳᠤ ᠰᠢᠯᠵᠢᠬᠦᠯᠦᠨ ᠬᠦᠷᠭᠡᠬᠦ ᠭᠡᠷᠡᠭᠳᠡᠢ᠃ ︵ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠷᠢᠨ ᠲᠠᠪᠤ︶ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠳᠡᠭᠡᠳᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠪᠠ ᠠᠵᠤ ᠠᠬᠤᠶᠢᠯᠠᠯ ᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ | ᠪᠠᠶᠢᠭᠤᠯᠬᠤ ᠶᠢ ᠳᠡᠮᠵᠢᠵᠦ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠶᠢᠨ ᠰᠤᠳᠤᠯᠤᠯ ᠥᠷᠨᠢᠭᠦᠯᠦᠨ᠎ᠡ᠃ 2025 ᠣᠨ ᠤ | ᠰᠡᠭᠦᠯᠴᠢ ᠠᠴᠠ ᠡᠮᠦᠨ᠎ᠡ᠂ ᠭᠠᠳᠠᠭᠰᠢᠯᠠᠭᠤᠯᠬᠤ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠥᠳᠡᠯᠦᠩᠭᠦᠶ ᠪᠠᠷ ᠰᠢᠨᠡᠳᠬᠡᠨ᠎ᠡ᠃ ︵ᠬᠤᠲᠠ ᠶᠢᠨ | ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ ᠵᠡᠷᠭᠡ ᠨᠢ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠶᠢᠰᠦ᠂ ᠬᠠᠤᠯᠢ ᠲᠣᠭᠲᠠᠭᠠᠯ ᠤᠨ ᠪᠠᠷᠢᠮᠵᠢᠶ᠎ᠠ ᠪᠣᠯᠤᠨ ᠠᠵᠤ ᠠᠬᠤᠶ ᠶᠢᠨ ᠲᠥᠷᠥ ᠶᠢᠨ ᠪᠣᠳᠣᠯᠭ᠎ᠠ ᠶᠢ ᠪᠦᠷᠢᠨᠰᠢᠭᠦᠯᠬᠦ ᠬᠡᠷᠡᠭᠲᠡᠶ | ︵ᠬᠤᠷᠢᠨ ᠵᠢᠷᠭᠤᠭ᠎ᠠ︶ ᠦᠨ᠎ᠡ ᠬᠠᠩᠰᠢ ᠶᠢ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠴᠡᠪᠡᠷ ᠳᠤᠯᠠᠭᠠᠯᠠᠭ᠎ᠠ ᠶᠢᠨ ᠡᠳ᠋ ᠤᠨ | ᠵᠠᠰᠠᠭ ᠤᠨ ᠴᠠᠬᠢᠯᠭᠠᠨ ᠤ ᠦᠨ᠎ᠡ᠂ ᠬᠡᠢ ᠶᠢᠨ ᠦᠨ᠎ᠡ ᠶᠢᠨ ᠨᠥᠬᠦᠪᠥᠷᠢ ᠶᠢ ᠦᠷᠭᠦᠯᠵᠢᠯᠡᠨ ᠬᠡᠷᠡᠭᠵᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ | ᠴᠠᠬᠢᠯᠭᠠᠨ ᠤ ᠣᠷᠭᠢᠯ ᠤᠨ ᠦᠶ᠎ᠡ ᠬᠤᠪᠢᠶᠠᠭᠰᠠᠨ ᠴᠠᠬᠢᠯᠭᠠᠨ ᠤ ᠦᠨ᠎ᠡ᠂ ᠵᠥᠷᠢᠶᠡᠴᠢᠯᠡᠭᠰᠡᠨ ᠴᠠᠬᠢᠯᠭᠠᠨ ᠤ ᠦᠨ᠎ᠡ᠂ ᠣᠯᠵᠠᠪᠤᠷᠢ ᠶᠢᠨ ᠭᠠᠶᠢᠯᠢ ᠶᠢ ᠲᠤᠯᠭᠠᠨ | ᠬᠡᠯᠲᠦᠷᠢᠭᠦᠯᠬᠦ ᠵᠡᠷᠭᠡ ᠡᠯ᠎ᠡ ᠵᠦᠢᠯ ᠤᠨ ᠦᠨ᠎ᠡ ᠬᠠᠩᠰᠢ ᠶᠢᠨ ᠭᠠᠶᠢᠯᠢ ᠰᠦᠢᠳᠬᠡᠯ ᠢ ᠤᠷᠮᠠᠰᠢᠭᠤᠯᠤᠨ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠬᠤᠲᠠ ᠪᠠᠯᠭᠠᠰᠤ ᠶᠢᠨ ᠰᠢᠲᠠᠮᠠᠬᠠᠶ ᠬᠡᠢ ᠳᠠᠮᠵᠢᠭᠤᠯᠤᠨ ᠲᠦᠭᠡᠭᠡᠬᠦ ᠳᠡᠰ ᠳᠠᠪᠬᠤᠷᠭ᠎ᠠ ᠶᠢ ᠪᠠᠭᠠᠰᠬᠠᠨ᠂ ᠬᠡᠢ | ᠳᠠᠮᠵᠢᠭᠤᠯᠤᠨ ᠲᠦᠭᠡᠭᠡᠬᠦ ᠦᠨ᠎ᠡ ᠬᠠᠩᠰᠢ ᠶᠢ ᠵᠦᠢ ᠵᠣᠬᠢᠰᠲᠠᠶ ᠲᠣᠭᠲᠠᠭᠠᠬᠤ ᠶᠢᠨ ᠬᠠᠮᠲᠤ ᠴᠢᠩᠭ᠎ᠠ ᠬᠢᠨᠠᠨ ᠬᠠᠮᠢᠶᠠᠷᠴᠤ᠂ ᠦᠵᠦᠭᠦᠷ ᠤᠨ ᠪᠣᠷᠣᠯᠠᠭᠤᠯᠭ᠎ᠠ ᠶᠢᠨ | ᠦᠨ᠎ᠡ ᠬᠠᠩᠰᠢ ᠬᠢᠭᠡᠳ ᠬᠤᠳᠠᠯᠳᠤᠨ ᠠᠪᠬᠤ ᠦᠨ᠎ᠡ ᠬᠠᠩᠰᠢ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠶ᠃ ︵ᠬᠤᠲᠠ ᠶᠢᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | | ︵ᠬᠤᠷᠢᠨ ᠳᠣᠯᠤᠭ᠎ᠠ︶ ᠡᠳ᠋ ᠤᠨ ᠵᠠᠰᠠᠭ ᠮᠥᠩᠭᠦᠨ ᠭᠦᠢᠯᠭᠡᠭᠡᠨ ᠤ ᠬᠥᠲᠥᠯᠥᠨ ᠵᠢᠯᠣᠭᠤᠳᠬᠤ ᠦᠢᠯᠡᠳᠦᠯ ᠢ ᠪᠠᠳᠠᠷᠠᠭᠤᠯᠤᠨ᠎ᠠ᠃ ᠲᠥᠪ᠂ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠳᠡᠮᠵᠢᠯᠭᠡ ᠶᠢ ᠢᠳᠡᠪᠬᠢᠯᠡᠨ ᠣᠯᠵᠤ᠂ ᠨᠡᠶᠢᠭᠡᠮ ᠤᠨ ᠬᠥᠷᠥᠩᠭᠡ ᠶᠢ ᠬᠥᠲᠥᠯᠦᠨ ᠵᠢᠯᠣᠭᠤᠳᠴᠤ ᠪᠠᠶᠢᠭᠠᠳ ᠠᠵᠤ | ᠦᠢᠯᠡᠳᠪᠦᠷᠢ ᠶᠢᠨ ᠪᠣᠬᠢᠷᠲᠤᠯ ᠢ ᠵᠠᠰᠠᠬᠤ᠂ ᠲᠡᠮᠦᠷ ᠵᠠᠮ ᠤᠨ ᠲᠤᠰᠬᠠᠶ ᠱᠤᠭᠤᠮ ᠤᠨ ᠪᠥᠲᠥᠭᠡᠨ ᠪᠠᠶᠢᠭᠤᠯᠤᠯᠲᠠ᠂ ᠰᠢᠨ᠎ᠡ ᠡᠨᠧᠷᠭᠢ ᠶᠢᠨ ᠲᠡᠮᠦᠷ ᠵᠠᠮ ᠤᠨ ᠲᠣᠨᠤᠭ | ᠲᠥᠬᠦᠭᠡᠷᠦᠮᠵᠢ ᠶᠢ ᠳᠡᠯᠭᠡᠷᠡᠭᠦᠯᠬᠦ ᠵᠡᠷᠭᠡ ᠳᠤ ᠣᠷᠣᠭᠤᠯᠤᠯᠲᠠ ᠬᠢᠯᠭᠡᠵᠦ᠂ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠢᠲᠡᠭᠡᠮᠵᠢᠲᠦ ᠵᠢᠭᠡᠯᠡᠯᠭᠡ ᠶᠢᠨ ᠪᠠᠯᠠ | ᠲᠣᠬᠢᠷᠠᠭᠤᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ᠃ ︵ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ | ᠡᠨᠧᠷᠭᠢ ᠶᠢᠨ ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠠᠷᠪᠠ᠂ ᠪᠦᠬᠦ ᠠᠷᠠᠳ ᠤᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠦᠨ᠎ᠡ | ︵ᠬᠤᠷᠢᠨ ᠨᠠᠢᠮᠠ︶ ᠮᠡᠳᠡᠭᠡ ᠵᠠᠩᠭᠢ ᠶᠢ ᠢᠯᠡ ᠪᠣᠯᠭᠠᠬᠤ ᠶᠢ ᠠᠬᠢᠭᠤᠯᠬᠤ ᠬᠡᠷᠡᠭᠲᠡᠢ᠃ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠪᠣᠬᠢᠷᠲᠤᠯ | ᠭᠠᠳᠠᠭᠰᠢᠯᠠᠭᠤᠯᠬᠤ ᠨᠢᠭᠡᠴᠡ ᠪᠣᠯᠤᠨ ᠭᠤᠷᠪᠠᠨ ᠲᠠᠯ᠎ᠠ ᠶᠢᠨ ᠪᠠᠶᠢᠭᠤᠯᠤᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠨᠡᠶᠢᠲᠡ ᠳᠤ ᠬᠠᠤᠯᠢ ᠶᠣᠰᠣᠭᠠᠷ | ᠨᠡᠶᠢᠲᠡᠯᠡᠬᠦ ᠬᠡᠷᠡᠭᠲᠡᠶ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠡᠳᠡᠭᠡ ᠵᠠᠩᠭᠢ ᠶᠢ ᠠᠯᠪᠠᠳᠠᠯᠭ᠎ᠠ ᠶᠢᠨ ᠴᠢᠨᠠᠷᠲᠠᠶ ᠪᠠᠷ ᠢᠯᠡ ᠪᠣᠯᠭᠠᠬᠤ ᠳᠦᠷᠢᠮ ᠢ | ᠪᠦᠷᠢᠨᠰᠢᠬᠦᠯᠵᠦ᠂ ᠭᠤᠤᠯᠳᠠᠯᠭ᠎ᠠ ᠲᠠᠢ ᠪᠣᠬᠢᠷᠲᠤᠯ ᠭᠠᠳᠠᠭᠰᠢᠯᠠᠭᠤᠯᠬᠤ ᠨᠢᠭᠡᠴᠡ ᠥᠪᠡᠰᠦᠪᠡᠨ ᠬᠢᠨᠠᠨ ᠰᠢᠨᠵᠢᠭᠰᠡᠨ ᠪᠠ ᠪᠣᠬᠢᠷᠲᠤᠯ ᠭᠠᠳᠠᠭᠰᠢᠯᠠᠭᠤᠯᠬᠤ ᠲᠤᠭ᠎ᠠ | ᠪᠠᠷᠢᠮᠲᠠ᠂ ᠪᠣᠬᠢᠷᠲᠤᠯ ᠢ ᠵᠠᠰᠠᠬᠤ ᠠᠷᠭ᠎ᠠ ᠬᠡᠮᠵᠢᠶ᠎ᠡ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠠᠴᠠ ᠵᠥᠷᠢᠴᠡᠭᠰᠡᠨ ᠰᠢᠳᠬᠡᠯ ᠲᠣᠷᠭᠠᠭᠤᠯᠢ ᠵᠢᠴᠢ | ᠴᠡᠭᠴᠡᠯᠡᠨ ᠰᠠᠶᠢᠵᠢᠷᠠᠭᠤᠯᠤᠭᠰᠠᠨ ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠬᠦ ᠬᠡᠷᠡᠭᠲᠡᠶ᠃ ︵ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ | ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠨᠢ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠷᠢ ᠶᠢᠰᠦ︶ ᠪᠦᠬᠦ ᠠᠷᠠᠳ ᠤᠨ ᠠᠵᠢᠯᠯᠠᠭ᠎ᠠ ᠶᠢ ᠬᠡᠷᠡᠭᠵᠢᠭᠦᠯᠬᠦ᠃ ᠤᠯᠠᠮᠵᠢᠯᠠᠯᠲᠤ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ ᠤᠨ ᠠᠷᠭ᠎ᠠ ᠪᠠᠷᠢᠯ ᠢ | ᠠᠰᠢᠭᠯᠠᠨ᠂ ᠳᠡᠯᠡᠬᠡᠶ ᠶᠢᠨ ᠣᠷᠴᠢᠨ ᠲᠣᠭᠤᠷᠢᠨ ᠤ ᠡᠳᠦᠷ᠂ ᠪᠥᠬᠦ ᠤᠯᠤᠰ ᠤᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠳᠦᠷ᠂ ᠠᠮᠢ ᠠᠬᠤᠶ ᠶᠢᠨ ᠡᠳᠦᠷ | ᠵᠡᠷᠭᠡ ᠤᠬᠠᠭᠤᠯᠭ᠎ᠠ ᠶᠢᠨ ᠠᠵᠢᠯᠯᠠᠭ᠎ᠠ ᠳᠤᠮᠳᠠ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠥᠷᠭᠡᠨ ᠢᠶᠠᠷ | ᠤᠬᠠᠭᠤᠯᠤᠨ ᠲᠠᠶᠢᠯᠪᠤᠷᠢᠯᠠᠵᠤ᠂ ᠠᠭᠠᠷ ᠮᠠᠨᠳᠠᠯ ᠤᠨ ᠣᠷᠴᠢᠨ ᠲᠣᠭᠤᠷᠢᠨ ᠪᠠ ᠡᠷᠡᠭᠦᠯ ᠮᠡᠨᠳᠦ ᠶᠢᠨ ᠦᠨᠳᠦᠰᠦᠨ ᠣᠶᠢᠯᠠᠭᠠᠭᠳᠠᠬᠤᠨ ᠪᠠ ᠮᠡᠳᠡᠯᠭᠡ ᠶᠢ ᠶᠡᠭᠡ ᠪᠠᠷ | ᠲᠦᠭᠡᠮᠡᠯᠵᠢᠭᠦᠯᠦᠨ᠂ ᠠᠷᠠᠳ ᠢᠷᠭᠡᠳ ᠤᠨ ᠠᠭᠠᠷ ᠮᠠᠨᠳᠠᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠵᠡᠯ ᠤᠬᠠᠮᠰᠠᠷ ᠪᠠ ᠡᠷᠡᠭᠦᠯ ᠮᠡᠨᠳᠦ ᠶᠢᠨ ᠬᠡᠪ | ᠪᠣᠯᠪᠠᠰᠤᠷᠠᠯ ᠢ ᠳᠡᠭᠡᠭᠰᠢᠯᠡᠭᠦᠯᠵᠦ᠂ ᠣᠯᠠᠨ ᠨᠡᠶᠢᠲᠡ ᠶᠢ ᠬᠥᠲᠥᠯᠦᠨ ᠵᠢᠯᠣᠭᠤᠳᠴᠤ ᠪᠠᠶᠢᠭᠠᠳ ᠬᠦᠨᠳᠦ ᠪᠣᠬᠢᠷᠲᠤᠯ ᠲᠠᠢ ᠴᠠᠭ ᠠᠭᠤᠷ ᠤᠨ ᠬᠤᠭᠤᠴᠠᠭᠠᠨ ᠳᠠᠬᠢ | ᠡᠷᠡᠭᠦᠯ ᠮᠡᠨᠳᠦ ᠶᠢᠨ ᠬᠠᠮᠠᠭᠠᠯᠠᠯᠲᠠ ᠶᠢ ᠰᠠᠶᠢᠲᠤᠷ ᠬᠢᠯᠭᠡᠨ᠎ᠡ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠡᠯᠡᠳᠬᠡᠮᠵᠢ ᠶᠢᠨ ᠨᠡᠭᠡᠭᠡᠯᠲᠡ ᠶᠢ ᠠᠬᠢᠭᠤᠯᠵᠤ᠂ | ᠤᠬᠠᠭᠤᠯᠭ᠎ᠠ ᠬᠥᠮᠦᠵᠢᠯ ᠤᠨ ᠦᠢᠯᠡᠴᠢᠯᠡᠭᠡᠨ ᠢ ᠥᠷᠭᠡᠨ ᠢᠶᠠᠷ ᠥᠷᠨᠢᠭᠦᠯᠬᠦ ᠬᠡᠷᠡᠭᠲᠡᠶ᠃ ᠠᠭᠠᠷ ᠮᠠᠨᠳᠠᠯ ᠤᠨ ᠪᠣᠬᠢᠷᠲᠤᠯ ᠢ ᠵᠠᠰᠠᠬᠤ ᠲᠡᠷᠢᠭᠦᠨ ᠤ ᠨᠡᠶᠢᠲᠡᠯᠢᠭ | ᠵᠢᠱᠢᠶ᠎ᠡ ᠶᠢᠨ ᠤᠬᠠᠭᠤᠯᠭ᠎ᠠ ᠶᠢ ᠴᠢᠩᠭᠠᠳᠬᠠᠵᠤ᠂ ᠦᠯᠢᠭᠡᠷ ᠳᠠᠭᠤᠷᠢᠶᠠᠯ ᠤᠨ ᠵᠢᠱᠢᠶ᠎ᠡ ᠦᠵᠡᠭᠦᠯᠬᠦ ᠪᠠ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠢ | ᠪᠠᠳᠠᠷᠠᠭᠤᠯᠤᠨ᠎ᠠ᠃ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠵᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠵᠤ᠂ ᠬᠠᠮᠲᠤᠪᠠᠷ ᠵᠠᠰᠠᠵᠤ | ᠬᠠᠮᠲᠤᠪᠠᠷ ᠡᠳ᠋ᠯᠡᠵᠦ᠂ ᠠᠷᠪᠢᠲᠠᠶ ᠪᠥᠭᠡᠳ ᠲᠣᠬᠢᠷᠠᠮᠵᠢᠲᠠᠶ᠂ ᠪᠣᠬᠢᠷᠲᠤᠯ ᠥᠬᠡᠶ ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠪᠣᠯᠪᠠᠰᠤᠨ ᠪᠥᠭᠡᠳ | ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠪᠠ ᠬᠡᠷᠡᠭᠯᠡᠭᠡᠨ ᠤ ᠵᠠᠭᠪᠤᠷ ᠢ ᠰᠠᠨᠠᠭᠠᠴᠢᠯᠠᠨ᠂ ᠣᠯᠠᠨ ᠨᠡᠶᠢᠲᠡ ᠶᠢᠨ ᠪᠣᠬᠢᠷᠲᠤᠯ ᠥᠬᠡᠶ ᠶᠠᠪᠤᠵᠤ ᠰᠠᠭᠤᠬᠤ ᠠᠷᠭ᠎ᠠ | ᠮᠠᠶ᠋ᠢᠭ ᠢ ᠰᠣᠩᠭᠤᠬᠤ ᠶᠢ ᠵᠣᠷᠢᠭᠵᠢᠭᠤᠯᠵᠤ᠂ ᠠᠷᠠᠳ ᠢᠷᠭᠡᠳ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠦᠵᠡᠯ ᠤᠬᠠᠮᠰᠠᠷ ᠢ ᠲᠠᠰᠤᠷᠠᠯᠲᠠ ᠥᠬᠡᠶ | ᠳᠡᠭᠡᠭᠰᠢᠯᠡᠭᠦᠯᠦᠨ᠂ ᠣᠯᠠᠨ ᠨᠡᠶᠢᠲᠡ ᠶᠢᠨ ᠣᠷᠣᠯᠴᠠᠬᠤ ᠪᠠ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ | ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠳᠤ ᠥᠷᠭᠡᠨ ᠢᠶᠠᠷ ᠣᠷᠣᠯᠴᠠᠬᠤ ᠬᠡᠷᠡᠭᠲᠡᠶ᠃ ︵ᠬᠤᠲᠠ ᠶᠢᠨ ᠠᠮᠢ ᠠᠬᠤᠶ ᠶᠢᠨ ᠣᠷᠴᠢᠨ | ᠲᠣᠭᠤᠷᠢᠨ ᠤ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | | | |