︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠮᠵᠢᠨ ᠵᠢᠷᠤᠭᠯᠠᠬᠤ ᠬᠠᠤᠯᠢ︾ ᠶᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠵᠥᠪᠰᠢᠶᠡᠷᠡᠯ ᠢᠶᠠᠷ᠂ ᠮᠠᠨ ᠤ ᠬᠤᠲᠠ 2024 ᠣᠨ ᠤ 9 ᠰᠠᠷ᠎ᠠ ᠶᠢᠨ 1 ᠤ ᠡᠳᠦᠷ ᠠᠴᠠ | ᠡᠬᠢᠯᠡᠨ᠂ 2000 ᠪᠠᠶᠠᠨᠨᠠᠭᠤᠷ ᠤᠨ ᠬᠠᠷᠢᠴᠠᠩᠭᠤᠶ ᠪᠡᠶ᠎ᠡ ᠪᠠᠨ ᠳᠠᠭᠠᠭᠠᠭᠰᠠᠨ ᠬᠠᠪᠲᠠᠭᠠᠢ ᠰᠣᠯᠪᠢᠴᠠᠯ ᠤᠨ ᠰᠢᠰᠲ᠋ᠧᠮ ︵ᠳᠥᠭᠦᠮᠴᠢᠯᠡᠭᠡᠳ ︽ᠪᠠᠶᠠᠨᠨᠠᠭᠤᠷ ᠤᠨ | ᠲᠤᠰᠠᠭᠠᠷ ᠪᠠᠶᠢᠷᠢᠰᠢᠯ ᠤᠨ ᠰᠢᠰᠲ᠋ᠧᠮ︾ ᠭᠡᠵᠦ ᠲᠣᠪᠴᠢᠯᠠᠨ᠎ᠠ︶ ᠢ ᠡᠬᠢᠯᠡᠭᠦᠯᠵᠦ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠪᠠᠶᠠᠨᠨᠠᠭᠤᠷ ᠤᠨ ᠲᠤᠰᠠᠭᠠᠷ ᠪᠠᠶᠢᠷᠢᠰᠢᠯ ᠪᠣᠯ ᠮᠠᠨ ᠤ ᠬᠤᠲᠠ ᠶᠢᠨ ᠴᠣᠷ ᠤᠨ ᠭᠠᠭᠴᠠ ᠬᠠᠤᠯᠢ ᠶᠣᠰᠣᠨ ᠤ ᠬᠠᠷᠢᠴᠠᠩᠭᠤᠢ ᠪᠡᠶ᠎ᠡ ᠪᠠᠨ ᠳᠠᠭᠠᠭᠠᠭᠰᠠᠨ | ᠬᠡᠪᠲᠡᠭᠡ ᠪᠠᠶᠢᠷᠢᠰᠢᠯ ᠤᠨ ᠰᠢᠰᠲ᠋ᠧᠮ ᠮᠥᠨ᠃ | ᠬᠤᠶᠠᠷ᠂ 2024 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠨ᠂ ᠪᠥᠬᠦ ᠬᠤᠲᠠ ᠶᠢᠨ ᠬᠡᠪᠴᠢᠶᠡᠨ ᠳᠤ ᠬᠡᠮᠵᠢᠨ ᠵᠢᠷᠤᠬᠤ ᠭᠠᠵᠠᠷ ᠵᠦᠶ ᠶᠢᠨ ᠮᠡᠳᠡᠭᠡ | ᠵᠠᠩᠭᠢ ᠵᠢᠴᠢ ᠲᠡᠭᠦᠨ ᠤ ᠬᠠᠮᠢᠶ᠎ᠠ ᠪᠥᠬᠦᠶ ᠠᠵᠢᠯᠯᠠᠭ᠎ᠠ ᠶᠢ ᠬᠢᠬᠦ ᠳᠤ᠂ ᠪᠠᠶᠠᠨᠨᠠᠭᠤᠷ ᠤᠨ ᠲᠤᠰᠠᠭᠠᠷ ᠰᠣᠯᠪᠢᠴᠠᠯ ᠰᠢᠰᠲ᠋ᠧᠮ ᠢ ᠬᠡᠷᠡᠭᠯᠡᠬᠦ ᠬᠡᠷᠡᠭᠲᠡᠶ᠃ ᠤᠯᠤᠰ ᠠᠴᠠ | ᠪᠠᠶᠢᠷᠢᠰᠢᠯ ᠤᠨ ᠰᠢᠰᠲ᠋ᠧᠮ ᠢ ᠬᠡᠷᠡᠭᠯᠡᠬᠦ ᠲᠤᠬᠠᠢ ᠠᠰᠲᠠᠭᠠᠨ ᠲᠣᠭᠲᠠᠭᠠᠯ ᠲᠠᠢ ᠪᠣᠯ ᠲᠡᠷᠡ ᠲᠣᠭᠲᠠᠭᠠᠯ ᠢ ᠵᠢᠷᠤᠮᠯᠠᠨ᠎ᠠ᠃ | ᠭᠤᠷᠪᠠ᠂ ᠪᠠᠶᠠᠨᠨᠠᠭᠤᠷ ᠤᠨ ᠲᠤᠰᠠᠭᠠᠷ ᠪᠠᠶᠢᠷᠢᠰᠢᠯ ᠰᠢᠰᠲ᠋ᠧᠮ ᠨᠢ ᠮᠠᠨ ᠤ ᠬᠤᠲᠠ ᠶᠢᠨ ᠣᠲᠣ ᠪᠠᠶᠢᠭ᠎ᠠ ᠪᠤᠰᠤᠳ ᠡᠯ᠎ᠡ ᠲᠥᠷᠥᠯ ᠤᠨ ᠲᠤᠰᠠᠭᠠᠷ ᠪᠠᠶᠢᠷᠢᠰᠢᠯ | ᠪᠦᠬᠦᠢ ᠰᠢᠰᠲ᠋ᠧᠮ ᠲᠠᠢ ᠰᠣᠯᠢᠯᠴᠠᠬᠤ᠂ ᠵᠣᠯᠭᠠᠭᠤᠯᠬᠤ ᠰᠢᠯᠵᠢᠯᠲᠡ ᠶᠢᠨ ᠬᠤᠭᠤᠴᠠᠭ᠎ᠠ ᠨᠢ ᠨᠢᠭᠡ ᠵᠢᠯ ᠪᠣᠯᠤᠨ᠎ᠠ᠃ ᠣᠲᠣ ᠶᠢᠨ ᠪᠠᠶᠢᠭ᠎ᠠ ᠡᠯ᠎ᠡ ᠲᠥᠷᠥᠯ ᠤᠨ ᠬᠡᠮᠵᠢᠨ | ᠵᠢᠷᠤᠭᠯᠠᠬᠤ ᠭᠠᠵᠠᠷ ᠵᠦᠶ ᠶᠢᠨ ᠮᠡᠳᠡᠭᠡ ᠵᠠᠩᠭᠢ ᠶᠢᠨ ᠦᠷ᠎ᠡ ᠪᠦᠲᠦᠭᠡᠯ ᠪᠠ ᠭᠠᠵᠠᠷ ᠵᠦᠶ ᠶᠢᠨ ᠮᠡᠳᠡᠭᠡ ᠵᠠᠩᠭᠢ ᠶᠢᠨ ᠰᠢᠰᠲ᠋ᠧᠮ ᠨᠢ ᠰᠢᠯᠵᠢᠯᠲᠡ ᠶᠢᠨ | ᠬᠤᠭᠤᠴᠠᠭᠠᠨ ᠳᠤ ᠪᠠᠶᠠᠨᠨᠠᠭᠤᠷ ᠤᠨ ᠲᠤᠰᠠᠭᠠᠷ ᠪᠠᠶᠢᠷᠢᠰᠢᠯ ᠤᠨ ᠰᠢᠰᠲ᠋ᠧᠮ ᠳᠤ ᠰᠢᠯᠵᠢᠭᠦᠯᠦᠨ ᠥᠭᠪᠡᠯ ᠵᠣᠬᠢᠨ᠎ᠠ᠃ | ᠳᠥᠷᠪᠡ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠠᠶᠠᠨᠨᠠᠭᠤᠷ ᠤᠨ ᠲᠤᠰᠠᠭᠠᠷ ᠰᠣᠯᠪᠢᠴᠠᠯ ᠰᠢᠰᠲ᠋ᠧᠮ ᠢ ᠡᠬᠢᠯᠡᠨ ᠬᠡᠷᠡᠭᠯᠡᠬᠦ ᠠᠵᠢᠯ ᠢ | ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠬᠠᠷᠢᠭᠤᠴᠠᠵᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠣᠲᠣ ᠶᠢᠨ ᠪᠠᠶᠢᠭ᠎ᠠ ᠬᠡᠮᠵᠢᠨ ᠵᠢᠷᠤᠭᠯᠠᠬᠤ | ᠭᠠᠵᠠᠷ ᠵᠦᠶ ᠶᠢᠨ ᠮᠡᠳᠡᠭᠡ ᠵᠠᠩᠭᠢ ᠶᠢᠨ ᠦᠷ᠎ᠡ ᠪᠦᠲᠦᠭᠡᠯ ᠤᠨ ᠪᠠᠶᠢᠷᠢᠰᠢᠯ ᠤᠨ ᠬᠤᠪᠢᠷᠠᠭᠤᠯᠤᠯᠲᠠ ᠳᠤ ᠦᠨ᠎ᠡ ᠲᠥᠯᠥᠪᠦᠷᠢ ᠥᠬᠡᠶ ᠪᠠᠷ ᠮᠡᠷᠭᠡᠵᠢᠯ ᠤᠨ ᠳᠡᠮᠵᠢᠯᠭᠡ | ᠪᠠ ᠦᠢᠯᠡᠴᠢᠯᠡᠭᠡ ᠬᠠᠩᠭᠠᠨ᠎ᠠ︔ ᠬᠤᠲᠠ ᠶᠢᠨ ᠱᠠᠲᠤᠨ ᠤ ᠰᠠᠭᠤᠷᠢ ᠬᠡᠮᠵᠢᠨ ᠵᠢᠷᠤᠭᠯᠠᠯᠲᠠ ᠶᠢᠨ ᠦᠷ᠎ᠡ ᠪᠦᠲᠦᠭᠡᠯ ᠤᠨ ᠪᠠᠶᠠᠨᠨᠠᠭᠤᠷ ᠤᠨ ᠲᠤᠰᠠᠭᠠᠷ ᠪᠠᠶᠢᠷᠢᠰᠢᠯ | ᠰᠢᠰᠲ᠋ᠧᠮ ᠢᠶᠠᠨ ᠬᠤᠪᠢᠷᠠᠭᠤᠯᠬᠤ ᠶᠢ ᠬᠠᠷᠢᠭᠤᠴᠠᠨ ᠪᠡᠶᠡᠯᠡᠭᠦᠯᠬᠦ ᠶᠢᠨ ᠬᠠᠮᠲᠤ ᠨᠡᠶᠢᠭᠡᠮ ᠳᠤ ᠬᠡᠷᠡᠭᠯᠡᠭᠡ ᠬᠠᠩᠭᠠᠨ᠎ᠠ᠃ ᠡᠯ᠎ᠡ ᠬᠤᠰᠢᠭᠤ ᠰᠢᠶᠠᠨ ᠲᠣᠭᠤᠷᠢᠭ᠂ | ᠬᠠᠮᠢᠶᠠᠷᠤᠯᠲᠠ ᠶᠢᠨ ᠵᠥᠪᠯᠡᠯ ᠨᠢ ᠲᠣᠰ ᠭᠠᠵᠠᠷ ᠣᠷᠣᠨ ᠤ ᠪᠠᠨ ᠪᠠᠶᠠᠨᠨᠠᠭᠤᠷ ᠤᠨ ᠲᠤᠰᠠᠭᠠᠷ ᠪᠠᠶᠢᠷᠢᠰᠢᠯᠳᠦ ᠰᠢᠰᠲ᠋ᠧᠮ ᠢ ᠡᠬᠢᠯᠡᠨ ᠬᠡᠷᠡᠭᠯᠡᠬᠦ ᠠᠵᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠬᠦ ᠠᠵᠢᠯ ᠢ ᠬᠠᠷᠢᠭᠤᠴᠠᠨ᠎ᠠ︔ ᠲᠤᠰ ᠭᠠᠵᠠᠷ ᠣᠷᠣᠨ ᠤ ᠬᠡᠮᠵᠢᠨ ᠵᠢᠷᠤᠭᠯᠠᠬᠤ ᠭᠠᠵᠠᠷ ᠵᠦᠶ ᠶᠢᠨ ᠮᠡᠳᠡᠭᠡ ᠵᠠᠩᠭᠢ ᠶᠢᠨ ᠦᠷ᠎ᠡ ᠪᠦᠲᠦᠭᠡᠯ ᠢ | ᠪᠠᠶᠠᠨᠨᠠᠭᠤᠷ ᠤᠨ ᠲᠤᠰᠠᠭᠠᠷ ᠪᠠᠶᠢᠷᠢᠰᠢᠯ ᠤᠨ ᠰᠢᠰᠲ᠋ᠧᠮ ᠳᠤ ᠬᠤᠪᠢᠷᠠᠭᠤᠯᠬᠤ ᠶᠢ ᠪᠡᠶᠡᠯᠡᠭᠦᠯᠦᠨ᠎ᠡ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ | ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ | 2024 ᠣᠨ ᠤ 8 ᠰᠠᠷ᠎ᠠ ᠶᠢᠨ 23 ᠤ ᠡᠳᠦᠷ | |