ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽ᠪᠠᠶᠠᠨᠨᠠᠭᠤᠷ ᠬᠤᠲᠠ ᠶᠢᠨ ︿ᠤᠮᠠᠷᠠᠲᠤ ᠶᠢᠨ ᠭᠤᠷᠪᠠᠨ ᠣᠷᠣᠨ﹀ ᠤ ᠢᠨᠵᠧᠨᠧᠷᠢᠩ ᠬᠠᠲᠤᠨ ᠭᠤᠤᠯ ᠤᠨ ︿  ᠲᠣᠬᠤᠢ﹀  ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠠᠬᠢᠭᠤᠯᠬᠤ ᠱᠠᠩᠨᠠᠨ ᠬᠥᠬᠢᠭᠦᠯᠬᠦ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/9/14
ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠭᠠᠭᠴᠠᠮᠣᠳᠣ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠲᠠ ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ︽ᠪᠠᠶᠠᠨᠨᠠᠭᠤᠷ ᠬᠤᠲᠠ ᠶᠢᠨ ︿ᠤᠮᠠᠷᠠᠲᠤ ᠶᠢᠨ ᠭᠤᠷᠪᠠᠨ ᠣᠷᠣᠨ﹀ ᠤ ᠢᠨᠵᠧᠨᠧᠷᠢᠩ ᠬᠠᠲᠤᠨ ᠭᠤᠤᠯ ᠤᠨ ︿  ᠲᠣᠬᠤᠢ﹀  ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠠᠬᠢᠭᠤᠯᠬᠤ ᠱᠠᠩᠨᠠᠨ ᠬᠥᠬᠢᠭᠦᠯᠬᠦ ᠠᠷᠭ᠎ᠠ︾ ᠶᠢ ᠬᠤᠲᠠ ᠶᠢᠨ ᠵᠠᠰᠠᠭ ᠤᠨ ᠣᠷᠳᠣᠨ ᠤ  ᠶᠢᠰᠦᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ ᠬᠡᠷᠡᠭᠵᠢᠭᠦᠯᠲᠦᠭᠡᠶ᠃                            ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                       2024 ᠣᠨ ᠤ 7 ᠰᠠᠷ᠎ᠠ ᠶᠢᠨ 4 ᠤ ᠡᠳᠦᠷ                                    ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠪᠡ︶           ᠪᠠᠶᠠᠨᠨᠠᠭᠤᠷ ᠬᠤᠲᠠ ᠶᠢᠨ ︿ᠤᠮᠠᠷᠠᠲᠤ ᠶᠢᠨ ᠭᠤᠷᠪᠠᠨ ᠣᠷᠣᠨ﹀ ᠤ ᠢᠨᠵᠧᠨᠧᠷᠢᠩ ᠬᠠᠲᠤᠨ ᠭᠤᠤᠯ ᠤᠨ ︿  ᠲᠣᠬᠤᠢ﹀  ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠠᠬᠢᠭᠤᠯᠬᠤ ᠱᠠᠩᠨᠠᠨ ᠬᠥᠬᠢᠭᠦᠯᠬᠦ ᠠᠷᠭ᠎ᠠ      ᠨᠢᠭᠡᠳᠦᠭᠡᠷ ᠪᠦᠯᠦᠭ ᠶᠡᠷᠦᠩᠬᠡᠢ ᠳᠦᠷᠢᠮ      ᠨᠢᠭᠡᠳᠦᠭᠡᠷ ᠵᠣᠷᠪᠤᠰ᠂ ᠶᠡᠷᠦᠩᠬᠡᠢ ᠱᠦᠵᠢ ᠰᠢ ᠶᠢᠨ ᠫᠢᠩ ᠤᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠤ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ︽ᠤᠮᠠᠷᠠᠲᠤ ᠶᠢᠨ ᠭᠤᠷᠪᠠᠨ ᠣᠷᠣᠨ︾ ᠬᠠᠲᠤᠨ ᠭᠤᠣᠯ ᠤᠨ ︽ᠲᠣᠬᠤᠢ︾  ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠢᠳᠡᠪᠬᠢᠲᠡᠢ ᠣᠷᠣᠯᠴᠠᠬᠤ ᠶᠢ ᠭᠦᠢᠴᠡᠳ ᠳᠠᠶᠢᠴᠢᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠬᠠᠤᠯᠢ︾᠂ ︽ᠡᠯ᠎ᠡ ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠵᠤ ᠪᠠᠶᠢᠭᠠᠳ ︿ᠤᠮᠠᠷᠠᠲᠤ ᠶᠢᠨ ᠭᠤᠷᠪᠠᠨ ᠣᠷᠣᠨ﹀  ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ︾᠂ ︽ᠡᠯᠡᠰᠦ ᠶᠢ ᠵᠠᠰᠠᠬᠤ ᠥᠪᠡᠷ ᠤᠨ ᠥᠷᠲᠡᠭ ᠢ ᠪᠠᠭᠤᠷᠠᠭᠤᠯᠵᠤ ᠡᠯᠡᠰᠦ ᠶᠢ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ︾᠂ ︽ᠪᠠᠶᠠᠨᠨᠠᠭᠤᠷ ᠬᠤᠲᠠ ᠶᠢᠨ ︿ᠤᠮᠠᠷᠠᠲᠤ ᠶᠢᠨ ᠭᠤᠷᠪᠠᠨ ᠣᠷᠣᠨ﹀  ᠤ ᠢᠨᠵᠧᠨᠧᠷᠢᠩ  ᠬᠠᠲᠤᠨ ᠭᠤᠣᠯ ᠤᠨ ︽  ᠲᠣᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠠᠬᠢᠭᠤᠯᠬᠤ ᠠᠷᠪᠠᠨ ᠵᠦᠢᠯ ᠤᠨ ᠠᠷᠭ᠎ᠠ ᠬᠡᠮᠵᠢᠶ᠎ᠡ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠢ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠤᠷᠪᠤᠰ᠂ ᠲᠣᠰ ᠠᠷᠭ᠎ᠠ ᠶᠢᠨ ᠱᠠᠩᠨᠠᠬᠤ ᠡᠲᠡᠭᠡᠳ ᠨᠢ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠬᠠᠲᠤᠨ ᠭᠤᠤᠯ ᠤᠨ ︽  ᠲᠣᠬᠤᠢ︾  ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠳᠤᠮᠳᠠ ᠠᠵᠢᠯ ᠤᠨ ᠪᠣᠳᠠᠲᠤ ᠪᠦᠲᠦᠮᠵᠢ ᠪᠠᠷ ᠲᠣᠪᠤᠶᠢᠮ᠎ᠠ ᠬᠤᠰᠢᠭᠤ ᠰᠢᠶᠠᠨ ᠲᠣᠭᠤᠷᠢᠭ ᠪᠠ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠠᠵᠤ ᠠᠬᠤᠶᠢᠯᠠᠯ᠂ ᠬᠤᠷᠰᠢᠶ᠎ᠠ᠂ ᠮᠠᠯᠴᠢᠨ ᠲᠠᠷᠢᠶᠠᠴᠢᠨ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠡ ︵ᠪᠦᠯᠬᠦᠮ︶ ᠵᠡᠷᠭᠡ ᠪᠣᠯᠤᠨ᠎ᠠ᠃      ᠬᠤᠶᠠᠳᠤᠭᠠᠷ ᠪᠦᠯᠦᠭ ᠱᠠᠩᠨᠠᠬᠤ ᠨᠥᠬᠦᠴᠡᠯ ᠬᠢᠭᠡᠳ ᠪᠠᠷᠢᠮᠵᠢᠶ᠎ᠠ      ᠭᠤᠷᠪᠠᠳᠤᠭᠠᠷ ᠵᠤᠷᠪᠤᠰ᠂  ᠬᠤᠰᠢᠭᠤ ᠰᠢᠶᠠᠨ ᠲᠣᠭᠤᠷᠢᠭ ᠢ ᠱᠠᠩᠨᠠᠨ ᠬᠥᠬᠢᠭᠦᠯᠬᠦ      ᠬᠤᠰᠢᠭᠤ ᠰᠢᠶᠠᠨ ᠲᠣᠭᠤᠷᠢᠭ ᠤᠨ ︽ᠤᠮᠠᠷᠠᠲᠤ ᠶᠢᠨ ᠭᠤᠷᠪᠠᠨ ᠣᠷᠣᠨ︾  ᠤ ᠢᠨᠵᠧᠨᠧᠷᠢᠩ ᠤᠨ ᠬᠠᠲᠤᠨ ᠭᠤᠤᠯ ᠤᠨ ︽ᠲᠣᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠠᠬᠢᠭᠤᠯᠬᠤ ᠲᠤᠰᠬᠠᠶ ᠬᠢᠨᠠᠨ ᠰᠢᠯᠭᠠᠯᠲᠠ ᠬᠢᠵᠦ᠂ ᠣᠶ ᠰᠢᠭᠤᠶ ᠡᠪᠡᠰᠦ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠬᠢᠭᠡᠳ ᠦᠢᠯᠡᠳᠪᠦᠷᠢᠯᠡᠯ ᠤᠨ ᠡᠭᠦᠷᠭᠡ ᠶᠢ ᠨᠠᠶᠢᠳᠠᠪᠤᠷᠢᠵᠢᠭᠤᠯᠤᠭᠰᠠᠨ ᠵᠢᠴᠢ ᠨᠠᠶᠢᠳᠠᠪᠤᠷᠢᠵᠢᠭᠤᠯᠤᠭᠰᠠᠨ ᠵᠢᠷᠤᠭ᠂ ᠰᠣᠳᠣᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ᠂ ᠠᠷᠠᠴᠢᠯᠠᠨ ᠪᠤᠶᠢᠵᠢᠭᠤᠯᠬᠤ ᠬᠠᠮᠢᠶᠠᠷᠤᠯᠲᠠ᠂ ᠲᠥᠷᠥᠯ ᠵᠦᠢᠯ ᠤᠨ ᠬᠠᠮᠢᠶᠠᠷᠤᠯᠲᠠ᠂ ᠪᠠᠯᠠ ᠮᠥᠩᠭᠦ ᠰᠠᠯᠭᠠᠨ ᠥᠭᠬᠦ ᠵᠡᠷᠭᠡ  ᠭᠦᠢᠴᠡᠳᠬᠡᠯ ᠲᠤᠭ᠎ᠠ ᠶᠢᠨ ᠬᠢᠨᠠᠨ ᠰᠢᠯᠭᠠᠯᠲᠠ ᠶᠢᠨ ᠪᠠᠶᠢᠳᠠᠯ ᠢ ᠦᠨᠳᠦᠰᠦᠯᠡᠨ᠂ ᠨᠢᠭᠡᠳᠦᠭᠡᠷ ᠳᠡᠰ ᠤᠨ ᠱᠠᠩᠨᠠᠯ 1 ᠬᠥᠮᠦᠨ᠂ 600 ᠲᠦᠮᠡᠨ ᠲᠥᠭᠦᠷᠢᠭ ᠱᠠᠩᠨᠠᠨ᠎ᠠ︔ ᠬᠤᠶᠠᠳᠤᠭᠠᠷ ᠳᠡᠰ ᠤᠨ ᠱᠠᠩᠨᠠᠯ 1 ᠬᠥᠮᠦᠨ᠂ 300 ᠲᠦᠮᠡᠨ ᠲᠥᠭᠦᠷᠢᠭ ᠱᠠᠩᠨᠠᠨ᠎ᠠ︔ ᠭᠤᠷᠪᠠᠳᠤᠭᠠᠷ ᠳᠡᠰ ᠤᠨ ᠱᠠᠩᠨᠠᠯ 1 ᠪᠠᠶᠢᠵᠤ᠂ 100 ᠲᠦᠮᠡᠨ ᠲᠥᠭᠦᠷᠢᠭ ᠱᠠᠩᠨᠠᠪᠠ᠃      ᠳᠥᠷᠪᠡᠳᠦᠭᠡᠷ  ᠵᠤᠷᠪᠤᠰ᠂  ᠠᠵᠤ ᠠᠬᠤᠶᠢᠯᠠᠯ᠂ ᠬᠤᠷᠰᠢᠶ᠎ᠠ᠂ ᠮᠠᠯᠴᠢᠨ ᠲᠠᠷᠢᠶᠠᠴᠢᠨ ᠢ ᠱᠠᠩᠨᠠᠨ ᠬᠥᠬᠢᠭᠦᠯᠦᠨ᠎ᠡ      1. ᠪᠡᠶ᠎ᠡ ᠪᠠᠨ ᠳᠠᠭᠠᠭᠠᠵᠤ ᠠᠮᠢ ᠠᠬᠤᠶ ᠶᠢᠨ ᠵᠠᠰᠠᠯᠲᠠ ᠶᠢ ᠥᠷᠨᠢᠭᠦᠯᠦᠭᠰᠡᠨ ᠪᠥᠭᠡᠳ ᠵᠠᠰᠠᠯᠲᠠ ᠶᠢᠨ ᠣᠷᠣᠨ ᠤ ᠳᠣᠲᠣᠷᠠᠬᠢ ᠣᠶ ᠰᠢᠭᠤᠶ ᠨᠤᠲᠤᠭ ᠪᠡᠯᠴᠢᠭᠡᠷ ᠤᠨ ᠪᠦᠷᠬᠦᠴᠡ ᠶᠢᠨ ᠨᠣᠷᠮ᠎ᠠ ᠶᠢ 70% ᠠᠴᠠ ᠳᠣᠤᠷ᠎ᠠ ᠥᠬᠡᠶ ᠪᠠᠶᠢᠯᠭᠠᠵᠤ᠂ ᠵᠠᠰᠠᠬᠤ ᠬᠡᠪᠴᠢᠶ᠎ᠡ ᠪᠠ ᠣᠶ ᠰᠢᠭᠤᠶ ᠨᠤᠲᠤᠭ ᠪᠡᠯᠴᠢᠭᠡᠷ ᠤᠨ ᠪᠦᠷᠬᠦᠴᠡ ᠶᠢᠨ ᠨᠣᠷᠮ᠎ᠠ ᠶᠢ ᠦᠨᠳᠦᠰᠦᠯᠡᠨ ᠨᠢᠭᠡᠳᠦᠭᠡᠷ ᠳᠡᠰ ᠤᠨ ᠱᠠᠩᠨᠠᠯ 1 ᠪᠠᠶᠢᠵᠤ᠂ 50 ᠲᠦᠮᠡᠨ ᠲᠥᠭᠦᠷᠢᠭ ᠱᠠᠩᠨᠠᠨ᠎ᠠ︔ ᠬᠤᠶᠠᠳᠤᠭᠠᠷ ᠳᠡᠰ ᠤᠨ ᠱᠠᠩᠨᠠᠯ 3 ᠪᠠᠶᠢᠵᠤ᠂ ᠲᠣᠰ ᠪᠦᠷᠢ 30 ᠲᠦᠮᠡᠨ ᠲᠥᠭᠦᠷᠢᠭ᠂ ᠭᠤᠷᠪᠠᠳᠤᠭᠠᠷ ᠳᠡᠰ ᠤᠨ ᠱᠠᠩᠨᠠᠯ 10 ᠪᠠᠶᠢᠵᠤ᠂ ᠲᠣᠰ ᠪᠦᠷᠢ 10 ᠲᠦᠮᠡᠨ ᠲᠥᠭᠦᠷᠢᠭ ᠱᠠᠩᠨᠠᠨ᠎ᠠ᠃      2. ︽ᠤᠮᠠᠷᠠᠲᠤ ᠶᠢᠨ ᠭᠤᠷᠪᠠᠨ ᠣᠷᠣᠨ ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠦᠭᠰᠡᠨ ᠪᠥᠭᠡᠳ ᠰᠢᠯᠭᠠᠨ ᠠᠪᠬᠤ ᠶᠢ ᠥᠩᠭᠡᠷᠡᠭᠡᠭᠰᠡᠨ ᠮᠥᠷᠲᠡᠭᠡᠨ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠬᠥᠳᠡᠯᠮᠦᠷᠢ ᠦᠢᠯᠡᠴᠢᠯᠡᠭᠡᠨ ᠤ ᠬᠥᠯᠥᠰᠥ ᠣᠯᠭᠤᠮᠵᠢ ᠶᠢᠨ ᠬᠡᠪᠴᠢᠶ᠎ᠡ ᠨᠢ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠶᠢᠨ 10% ᠠᠴᠠ ᠳᠣᠣᠷ᠎ᠠ ᠦᠭᠡᠢ ᠪᠠᠶᠢᠪᠠᠯ᠂ ᠬᠥᠳᠡᠯᠮᠦᠷᠢ ᠦᠢᠯᠡᠴᠢᠯᠡᠭᠡᠨ ᠤ ᠬᠥᠯᠥᠰᠥ ᠣᠯᠭᠤᠮᠵᠢ ᠶᠢᠨ ᠬᠡᠪᠴᠢᠶ᠎ᠡ ᠪᠠ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠪᠡᠯᠡ ᠮᠥᠩᠭᠦ ᠶᠢᠨ ᠡᠵᠡᠯᠡᠬᠦ ᠬᠠᠷᠢᠴᠠᠯ ᠢ ᠦᠨᠳᠦᠰᠦᠯᠡᠨ᠂ ᠨᠢᠭᠡᠳᠦᠭᠡᠷ ᠳᠡᠰ ᠤᠨ ᠱᠠᠩᠨᠠᠯ 1 ᠬᠥᠮᠦᠨ᠂ 30 ᠲᠦᠮᠡᠨ ᠲᠥᠭᠦᠷᠢᠭ᠂ ᠬᠤᠶᠠᠳᠤᠭᠠᠷ ᠳᠡᠰ ᠤᠨ ᠱᠠᠩᠨᠠᠯ 3 ᠬᠥᠮᠦᠨ᠂ ᠲᠤᠰ ᠪᠦᠷᠢ 20 ᠲᠦᠮᠡᠨ ᠲᠥᠭᠦᠷᠢᠭ᠂ ᠭᠤᠷᠪᠠᠳᠤᠭᠠᠷ ᠳᠡᠰ ᠤᠨ ᠱᠠᠩᠨᠠᠯ 6 ᠬᠥᠮᠦᠨ᠂ ᠲᠤᠰ ᠪᠦᠷᠢ 10 ᠲᠦᠮᠡᠨ ᠲᠥᠭᠦᠷᠢᠭ ᠱᠠᠩᠨᠠᠨ᠎ᠠ᠃      3. ︽ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ︾ ᠵᠠᠭᠪᠤᠷ ᠢ ᠬᠡᠷᠡᠭᠵᠢᠭᠦᠯᠦᠭᠰᠡᠨ ᠪᠥᠭᠡᠳ ᠰᠢᠯᠭᠠᠨ ᠠᠪᠬᠤ ᠳᠤ ᠬᠢᠷᠢ ᠲᠡᠩᠴᠡᠭᠰᠡᠨ ᠪᠣᠯ ᠵᠠᠰᠠᠯᠲᠠ ᠶᠢᠨ ᠬᠡᠪᠴᠢᠶ᠎ᠡ ᠪᠠ ᠪᠠᠷᠢᠯᠭ᠎ᠠ ᠶᠢᠨ ᠶᠠᠰᠤ ᠴᠢᠨᠠᠷ ᠢ ᠦᠨᠳᠦᠰᠦᠯᠡᠨ ᠨᠢᠭᠡᠳᠦᠭᠡᠷ ᠳᠡᠰ ᠤᠨ ᠱᠠᠩᠨᠠᠯ 1 ᠬᠥᠮᠦᠨ᠂ 30 ᠲᠦᠮᠡᠨ ᠲᠥᠭᠦᠷᠢᠭ᠂ ᠬᠤᠶᠠᠳᠤᠭᠠᠷ ᠳᠡᠰ ᠤᠨ ᠱᠠᠩᠨᠠᠯ 3 ᠬᠥᠮᠦᠨ᠂ ᠲᠣᠰ ᠪᠦᠷᠢ 20 ᠲᠦᠮᠡᠨ ᠲᠥᠭᠦᠷᠢᠭ᠂ ᠭᠤᠷᠪᠠᠳᠤᠭᠠᠷ ᠳᠡᠰ ᠤᠨ ᠱᠠᠩᠨᠠᠯ 6 ᠬᠥᠮᠦᠨ᠂ ᠲᠣᠰ ᠪᠦᠷᠢ 10 ᠲᠦᠮᠡᠨ ᠲᠥᠭᠦᠷᠢᠭ ᠱᠠᠩᠨᠠᠨ᠎ᠠ᠃      4. ᠲᠤᠬᠠᠶ ᠶᠢᠨ ᠭᠠᠵᠠᠷ ᠲᠤᠨᠢ ᠮᠠᠲ᠋ᠧᠷᠢᠶᠠᠯ ᠠᠪᠴᠤ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠵᠤ᠂ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠦᠭᠰᠡᠨ ᠪᠠᠶᠢᠪᠠᠯ᠂ ᠬᠤᠲᠠ ᠶᠢᠨ ᠳᠣᠲᠣᠷᠠᠬᠢ ᠪᠤᠭᠤᠳᠠᠢ ᠡᠪᠡᠰᠦ᠂ ᠬᠤᠯᠤᠰᠤ᠂ ᠡᠯᠡᠰᠦᠨ ᠤ ᠴᠢᠬᠢ ᠮᠣᠳᠣ᠂ ᠴᠦᠯᠯᠡᠷᠭᠡᠭᠵᠢᠭᠰᠡᠨ ᠡᠪᠡᠰᠦᠨ ᠤ ᠦᠷ᠎ᠡ ᠵᠡᠷᠭᠡ ᠪᠠᠶᠢᠳᠠᠯ ᠪᠠ ᠢᠨᠵᠧᠨᠧᠷᠢᠩ ᠤᠨ ᠶᠠᠰᠤ ᠴᠢᠨᠠᠷ ᠢ ᠦᠨᠳᠦᠰᠦᠯᠡᠨ᠂ ᠨᠢᠭᠡᠳᠦᠭᠡᠷ ᠳᠡᠰ ᠤᠨ ᠱᠠᠩᠨᠠᠯ 1 ᠨᠡᠷᠡᠰ᠂ 30 ᠲᠦᠮᠡᠨ ᠲᠥᠭᠦᠷᠢᠭ ᠢᠶᠠᠷ ᠱᠠᠩᠨᠠᠨ᠎ᠠ︔ ᠬᠤᠶᠠᠳᠤᠭᠠᠷ ᠳᠡᠰ ᠤᠨ ᠱᠠᠩᠨᠠᠯ 5 ᠨᠡᠷᠡᠰ᠂ ᠲᠣᠰ ᠲᠣᠰ 20 ᠲᠦᠮᠡᠨ ᠲᠥᠭᠦᠷᠢᠭ᠂ ᠭᠤᠷᠪᠠᠳᠤᠭᠠᠷ ᠳᠡᠰ ᠤᠨ ᠱᠠᠩᠨᠠᠯ 8 ᠬᠥᠮᠦᠨ ᠂ ᠲᠣᠰ ᠲᠣᠰ 10 ᠲᠦᠮᠡᠨ ᠲᠥᠭᠦᠷᠢᠭ ᠢᠶᠠᠷ ᠱᠠᠩᠨᠠᠪᠠ᠃      5. ᠮᠠᠰᠢᠨᠴᠢᠯᠠᠯᠲᠠ ᠪᠠᠷ ᠠᠵᠢᠯᠯᠠᠭᠤᠯᠤᠭᠰᠠᠨ ᠪᠠᠶᠢᠪᠠᠯ ᠮᠠᠰᠢᠨ ᠤ ᠲᠤᠭ᠎ᠠ᠂ ᠬᠤᠳᠠᠯᠳᠤᠨ ᠠᠪᠬᠤ ᠵᠠᠷᠤᠳᠠᠯ᠂ ᠠᠵᠢᠯᠯᠠᠬᠤ ᠬᠡᠪᠴᠢᠶ᠎ᠡ ᠪᠠ ᠪᠠᠷᠢᠯᠭ᠎ᠠ ᠶᠢᠨ ᠶᠠᠰᠤ ᠴᠢᠨᠠᠷ ᠢ ᠦᠨᠳᠦᠰᠦᠯᠡᠨ 5 ᠬᠥᠮᠦᠨ ᠢ ᠱᠠᠩᠨᠠᠨ ᠬᠥᠬᠢᠭᠦᠯᠵᠦ᠂ ᠲᠣᠰ ᠪᠦᠷᠢ 20 ᠲᠦᠮᠡᠨ ᠲᠥᠭᠦᠷᠢᠭ ᠱᠠᠩᠨᠠᠨ᠎ᠠ᠃      ᠲᠠᠪᠤᠳᠤᠭᠠᠷ  ᠵᠤᠷᠪᠤᠰ᠂  ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ︵ᠪᠦᠯᠬᠦᠮ ᠨᠡᠶᠢᠲᠡ︶ ᠢ ᠱᠠᠩᠨᠠᠨ ᠬᠥᠬᠢᠭᠦᠯᠦᠨ᠎ᠡ      ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ᠂ ᠴᠦᠯᠯᠡᠷᠭᠡᠭ ᠪᠠᠶᠢᠭᠠᠯᠢ ᠶᠢᠨ ᠮᠣᠳᠣᠨ ᠤ ᠲᠥᠷᠥᠯ ᠡᠪᠡᠰᠦ ᠲᠠᠷᠢᠬᠤ ᠶᠢ ᠪᠤᠶᠢᠵᠢᠭᠤᠯᠬᠤ᠂ ᠬᠦᠢᠲᠡᠨ ᠢ ᠡᠰᠡᠷᠭᠦᠴᠡᠨ ᠲᠡᠰᠪᠦᠷᠢᠯᠡᠬᠦ᠂ ᠬᠤᠵᠢᠷᠯᠢᠭ ᠭᠠᠵᠠᠷ ᠢ ᠣᠶᠢᠵᠢᠭᠤᠯᠬᠤ᠂ ᠮᠤᠨᠢ ᠠᠭᠤᠯᠠ ᠶᠢᠨ ᠡᠮᠦᠨ᠎ᠡ ᠪᠡᠯ ᠢ ᠨᠣᠭᠤᠭᠠᠷᠠᠭᠤᠯᠵᠤ ᠵᠠᠰᠠᠬᠤ ᠵᠡᠷᠭᠡ ᠲᠠᠯ᠎ᠠ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠣᠯᠤᠭᠰᠠᠨ ᠰᠢᠨᠵᠢᠯᠡᠬᠦ ᠤᠬᠠᠭᠠᠨ ᠤ ᠰᠤᠳᠤᠯᠤᠯ ᠤᠨ ᠨᠢᠭᠡᠴᠡ ︵ᠪᠦᠯᠬᠦᠮ︶ ᠳᠤ ᠱᠠᠩᠨᠠᠯ ᠣᠯᠭᠤᠬᠤ ᠬᠡᠷᠡᠭᠲᠡᠶ᠃ ᠡᠭᠦᠨ ᠳᠤ ᠥᠪᠡᠷᠲᠡᠭᠡᠨ ᠵᠠᠰᠠᠬᠤ ᠣᠷᠣᠨ ᠤ ᠱᠠᠲᠤ ᠵᠢᠴᠢ ᠲᠡᠭᠦᠨ ᠠᠴᠠ ᠳᠡᠭᠡᠭᠰᠢᠬᠢ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠣᠯᠤᠭᠰᠠᠨ ᠦᠷ᠎ᠡ ᠪᠦᠲᠦᠭᠡᠯ ᠨᠢ ᠰᠢᠯᠢᠳᠡᠭ ᠢ ᠰᠣᠩᠭᠤᠨ 5 ᠪᠠᠶᠢᠵᠤ᠂ ᠲᠣᠰ ᠲᠣᠰ 20 ᠲᠦᠮᠡᠨ ᠲᠥᠭᠦᠷᠢᠭ ᠱᠠᠩᠨᠠᠨ᠎ᠠ︔ ᠬᠤᠲᠠ ᠶᠢᠨ ᠱᠠᠲᠤᠨ ᠤ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢᠶᠠᠷ ᠦᠨᠡᠯᠡᠭᠳᠡᠵᠦ᠂ ᠰᠢᠯᠢᠳᠡᠭ ᠢ ᠨᠢ ᠰᠣᠩᠭᠤᠨ 5 ᠪᠠᠶᠢᠵᠤ᠂ ᠲᠣᠰ ᠪᠦᠷᠢ 10 ᠲᠦᠮᠡᠨ ᠲᠥᠭᠦᠷᠢᠭ ᠱᠠᠩᠨᠠᠪᠠ᠃ ᠠᠳᠠᠯᠢ ᠨᠢᠭᠡ ᠲᠥᠷᠥᠯ ᠵᠦᠢᠯ ᠢ ᠳᠠᠪᠬᠤᠷᠳᠠᠭᠤᠯᠤᠨ ᠱᠠᠩᠨᠠᠬᠤ ᠦᠭᠡᠢ᠃      ᠵᠢᠷᠭᠤᠳᠤᠭᠠᠷ ᠵᠤᠷᠪᠤᠰ᠂ ᠬᠤᠲᠠ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠤᠰᠬᠠᠢ ᠠᠩᠭᠢ ᠨᠢ ᠣᠶᠢᠷ᠎ᠠ ᠶᠢᠨ ᠬᠤᠶᠠᠷ ᠵᠢᠯ ᠤᠨ ᠬᠤᠰᠢᠭᠤ ᠰᠢᠶᠠᠨ ᠲᠣᠭᠤᠷᠢᠭ ᠢ ᠬᠢᠨᠠᠨ ᠰᠢᠯᠭᠠᠭᠰᠠᠨ ᠦᠷ᠎ᠡ ᠳ᠋ᠦᠩ ᠢ ᠦᠨᠳᠦᠰᠦᠯᠡᠨ᠂ ᠱᠠᠩᠨᠠᠨ ᠬᠥᠬᠢᠭᠦᠯᠬᠦ ᠰᠠᠨᠠᠭᠤᠯᠭ᠎ᠠ ᠳᠤᠷᠠᠳᠴᠤ᠂ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠵᠥᠪᠰᠢᠶᠡᠷᠡᠭᠦᠯᠦᠨ᠎ᠡ᠃ ᠬᠤᠲᠠ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠤᠰᠬᠠᠶ ᠠᠩᠭᠢ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ᠂ ᠱᠠᠩᠨᠠᠬᠤ ᠪᠠᠷ ᠭᠤᠶᠤᠴᠢᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠢᠨᠠᠨ ᠲᠣᠭᠲᠠᠭᠠᠵᠤ᠂ ᠱᠠᠩᠨᠠᠨ ᠬᠥᠬᠢᠭᠦᠯᠬᠦ ᠰᠠᠨᠠᠭᠤᠯᠭ᠎ᠠ ᠳᠤᠷᠠᠳᠴᠤ᠂ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠬᠠᠷᠭᠤᠭᠤᠯᠵᠤ ᠵᠥᠪᠰᠢᠶᠡᠷᠡᠭᠦᠯᠦᠨ᠎ᠡ᠃ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠨᠢ ᠠᠵᠤ ᠠᠬᠤᠶᠢᠯᠠᠯ᠂ ᠬᠤᠷᠰᠢᠶ᠎ᠠ ᠵᠢᠴᠢ ᠮᠠᠯᠴᠢᠨ ᠲᠠᠷᠢᠶᠠᠴᠢᠨ ᠢ ᠱᠠᠩᠨᠠᠨ ᠬᠥᠬᠢᠭᠦᠯᠬᠦ ᠰᠠᠨᠠᠭᠤᠯᠭ᠎ᠠ ᠳᠤᠷᠠᠳᠴᠤ᠂ ᠬᠤᠲᠠ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠤᠰᠬᠠᠶ ᠠᠩᠭᠢ ᠬᠢᠨᠠᠨ ᠪᠠᠶᠢᠴᠠᠭᠠᠭᠰᠠᠨ ᠤ ᠳᠠᠷᠠᠭ᠎ᠠ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠬᠠᠷᠭᠤᠭᠤᠯᠵᠤ᠂ ᠵᠠᠷᠯᠠᠨ ᠨᠡᠶᠢᠲᠡᠯᠡᠭᠡᠳ ᠣᠨᠳᠣᠣ ᠰᠠᠨᠠᠯ ᠦᠭᠡᠢ ᠪᠣᠯ ᠵᠥᠪᠰᠢᠶᠡᠷᠡᠨ᠎ᠡ᠃      ᠭᠤᠷᠪᠠᠳᠤᠭᠠᠷ ᠪᠦᠯᠦᠭ ᠪᠡᠯᠡ ᠮᠥᠩᠭᠦ ᠶᠢᠨ ᠢᠷᠡᠯᠲᠡ ᠬᠢᠭᠡᠳ ᠬᠡᠷᠡᠭᠯᠡᠵᠦ ᠬᠠᠮᠢᠶᠠᠷᠬᠤ      ᠳᠣᠯᠣᠳᠤᠭᠠᠷ ᠵᠤᠷᠪᠤᠰ᠂ ᠲᠤᠰ ᠱᠠᠩᠨᠠᠯ ᠢ ᠬᠤᠶᠠᠷ ᠵᠢᠯ ᠳᠤ ᠨᠢᠭᠡ ᠤᠳᠠᠭ᠎ᠠ ᠬᠢᠵᠦ᠂ ᠬᠤᠲᠠ ᠶᠢᠨ ᠵᠠᠰᠠᠭ ᠤᠨ ᠣᠷᠳᠣᠨ ᠤᠳᠠᠭ᠎ᠠ ᠪᠦᠷᠢ 2000 ᠲᠦᠮᠡᠨ ᠲᠥᠭᠦᠷᠢᠭ ᠢ ᠱᠠᠩᠨᠠᠯ ᠤᠨ ᠪᠡᠯᠡ ᠮᠥᠩᠭᠦ ᠪᠣᠯᠭᠠᠨ ᠨᠢᠭᠡᠳᠦᠯᠲᠡᠶ ᠲᠥᠯᠥᠪᠯᠡᠨ ᠲᠣᠬᠢᠷᠠᠭᠤᠯᠤᠨ᠎ᠠ᠃      ᠨᠠᠢᠮᠠᠳᠤᠭᠠᠷ ᠵᠤᠷᠪᠤᠰ᠂ ᠬᠤᠰᠢᠭᠤ ᠰᠢᠶᠠᠨ ᠲᠣᠭᠤᠷᠢᠭ ᠤᠨ ᠱᠠᠩᠨᠠᠯ ᠤᠨ ᠪᠡᠯᠡ ᠮᠥᠩᠭᠦ ᠶᠢ ᠣᠶ ᠰᠢᠭᠤᠶ ᠨᠤᠲᠤᠭ ᠪᠡᠯᠴᠢᠭᠡᠷ ᠤᠨ ᠮᠡᠷᠭᠡᠵᠢᠯ ᠤᠨ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠵᠢᠴᠢ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ᠂ ᠴᠢᠬᠢ ᠮᠣᠳᠣ ᠶᠢ ᠠᠷᠠᠴᠢᠯᠠᠨ ᠪᠤᠶᠢᠵᠢᠭᠤᠯᠬᠤ ᠬᠠᠮᠢᠶᠠᠷᠤᠯᠲᠠ᠂ ᠤᠬᠠᠭᠤᠯᠭ᠎ᠠ ᠵᠡᠷᠭᠡ ᠳᠤ ᠬᠡᠷᠡᠭᠯᠡᠵᠦ᠂ ᠱᠠᠩᠨᠠᠯ ᠤᠨ ᠪᠠᠯᠠ ᠮᠥᠩᠭᠦ ᠶᠢ ᠠᠯᠪᠠᠨ ᠵᠠᠷᠤᠳᠠᠯ ᠵᠢᠴᠢ ᠬᠤᠪᠢ ᠬᠥᠮᠦᠨ ᠤ ᠨᠥᠬᠦᠪᠥᠷᠢ ᠵᠡᠷᠭᠡ ᠡᠩ ᠤᠨ ᠴᠢᠨᠠᠷᠲᠠᠶ ᠵᠠᠷᠤᠯᠭ᠎ᠠ ᠳᠤ ᠬᠡᠷᠡᠭᠯᠡᠵᠦ ᠪᠣᠯᠬᠤ ᠥᠬᠡᠶ︔ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ︵ᠪᠦᠯᠬᠦᠮ ᠨᠡᠶᠢᠲᠡ︶ ᠤᠨ ᠱᠠᠩᠨᠠᠯ ᠤᠨ ᠪᠡᠯᠡ ᠮᠥᠩᠭᠦ ᠶᠢ ᠣᠶ ᠰᠢᠭᠤᠶ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠤ ᠰᠤᠳᠤᠯᠭᠠᠨ᠂ ᠵᠢᠱᠢᠶ᠎ᠡ ᠦᠵᠡᠭᠦᠯᠦᠨ ᠳᠡᠯᠭᠡᠷᠡᠭᠦᠯᠬᠦ᠂ ᠴᠢᠳᠠᠪᠤᠷᠢᠲᠠᠨ ᠢ ᠬᠥᠮᠦᠵᠢᠭᠦᠯᠬᠦ᠂ ᠡᠷᠳᠡᠮ ᠰᠢᠨᠵᠢᠯᠡᠭᠡᠨ ᠤ ᠰᠣᠯᠢᠯᠴᠠᠭ᠎ᠠ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠲᠥᠬᠦᠭᠡᠷᠦᠮᠵᠢ ᠬᠤᠳᠠᠯᠳᠤᠨ ᠠᠪᠬᠤ ᠵᠡᠷᠭᠡ ᠳᠤ ᠬᠡᠷᠡᠭᠯᠡᠨ᠎ᠡ᠃      ᠶᠢᠰᠦᠳᠦᠭᠡᠷ ᠵᠤᠷᠪᠤᠰ᠂ ᠶᠠᠮᠠᠷᠪᠠ ᠨᠢᠭᠡᠴᠡ ᠪᠠ ᠬᠤᠪᠢ ᠬᠥᠮᠦᠨ ᠱᠠᠩᠨᠠᠯ ᠤᠨ ᠪᠡᠯᠡ ᠮᠥᠩᠭᠦ ᠶᠢ ᠬᠠᠭᠤᠷᠮᠠᠭᠯᠠᠨ ᠠᠪᠬᠤ᠂ ᠳᠤᠮᠳᠠ ᠠᠴᠠ ᠨᠢ ᠦᠯᠡᠳᠡᠭᠡᠬᠦ᠂ ᠨᠡᠭᠦᠯᠭᠡᠨ ᠬᠡᠷᠡᠭᠯᠡᠵᠦ ᠪᠣᠯᠬᠤ ᠦᠭᠡᠶ᠃ ᠲᠣᠭᠲᠠᠭᠠᠯ ᠠᠴᠠ ᠵᠥᠷᠢᠴᠡᠨ ᠪᠡᠯᠡ ᠮᠥᠩᠭᠦ ᠬᠤᠪᠢᠶᠠᠷᠢᠯᠠᠭᠰᠠᠨ ᠪᠤᠶᠤ ᠬᠡᠷᠡᠭᠯᠡᠭᠰᠡᠨ ᠵᠢᠴᠢ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠠᠯᠪᠠᠨ ᠲᠤᠰᠢᠶᠠᠯ ᠳᠠᠭᠠᠨ ᠠᠯᠮᠠᠶᠢᠷᠠᠨ ᠣᠰᠣᠯᠳᠠᠭᠰᠠᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠵᠡᠷᠭᠡ ᠬᠠᠤᠯᠢ ᠰᠠᠬᠢᠯᠭ᠎ᠠ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠣᠬᠢᠴᠠᠩᠭᠤᠶ ᠬᠠᠷᠢᠭᠤᠴᠠᠯᠭ᠎ᠠ ᠨᠡᠬᠡᠮᠵᠢᠯᠡᠨ᠎ᠡ᠃      ᠠᠷᠪᠠᠳᠤᠭᠠᠷ ᠵᠤᠷᠪᠤᠰ᠂ ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠦᠴᠦᠨ ᠲᠠᠢ ᠬᠤᠭᠤᠴᠠᠭ᠎ᠠ ᠨᠢ 5 ᠵᠢᠯ ᠪᠣᠯᠤᠨ᠎ᠠ᠃            
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ