ᠮᠠᠨ ᠤ ᠬᠤᠲᠠ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾᠎ ᠶᠢ ᠰᠢᠯᠵᠢᠭᠦᠯᠦᠨ ᠲᠡᠭᠡᠭᠡᠪᠦᠷᠢᠯᠡᠵᠦ ᠲᠠᠷᠬᠠᠭᠠᠬᠤ ᠠᠵᠢᠯ ᠢ ᠠᠬᠢᠭᠤᠯᠵᠤ ᠪᠣᠶ
ᠨᠡᠶᠢᠲᠡᠯᠡᠭᠰᠡᠨ ᠴᠠᠭ᠄
2024/9/29
      ᠣᠶᠢᠷ᠎ᠠ ᠳᠤ᠂ ᠮᠠᠨ ᠤ ᠬᠤᠲᠠ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾᠎ ᠶᠢ ᠰᠢᠯᠵᠢᠭᠦᠯᠦᠨ ᠲᠡᠭᠡᠭᠡᠪᠦᠷᠢᠯᠡᠬᠦ ᠠᠵᠢᠯ ᠢ ᠠᠬᠢᠭᠤᠯᠵᠤ᠂ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠬᠡᠷᠡᠭᠴᠡᠭᠡ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃      ᠣᠶᠢᠯᠠᠭᠠᠭᠰᠠᠨ ᠢᠶᠠᠷ᠂ ᠡᠨᠡ ᠵᠢᠯ᠂ ᠮᠠᠨ ᠤ ᠬᠤᠲᠠ ᠰᠡᠳᠬᠢᠯ ᠢ ᠳᠤᠯᠠᠭᠠᠴᠠᠭᠤᠯᠬᠤ ᠨᠡᠭᠦᠷᠡᠰᠦ ᠲᠠᠢ ᠬᠤᠯᠪᠣᠭᠳᠠᠭᠰᠠᠨ ᠮᠠᠯᠴᠢᠨ ᠲᠠᠷᠢᠶᠠᠴᠢᠨ ᠡᠷᠦᠬᠡ ᠶᠢᠨ ᠲᠤᠭ᠎ᠠ ᠨᠡᠶᠢᠲᠡ 120339 ᠡᠷᠦᠬᠡ ᠪᠠᠶᠢᠵᠤ᠂ ᠨᠡᠶᠢᠲᠡ 238217.1 ᠲᠣᠨ ᠨᠡᠭᠦᠷᠡᠰᠦ ᠬᠡᠷᠡᠭᠯᠡᠨ᠎ᠡ᠃ ᠡᠭᠦᠨ ᠳᠤ ᠯᠢᠨ ᠾᠧ ᠲᠣᠭᠤᠷᠢᠭ ᠤᠨ 18629 ᠡᠷᠦᠬᠡ ᠪᠠᠶᠢᠵᠤ᠂ ᠨᠡᠭᠦᠷᠡᠰᠦ ᠬᠡᠷᠡᠭᠯᠡᠭᠰᠡᠨ ᠬᠡᠮᠵᠢᠶ᠎ᠡ 35309.1 ᠲᠣᠨ︔ ᠤᠷᠠᠳ ᠤᠨ ᠡᠮᠦᠨᠡᠲᠦ ᠬᠤᠰᠢᠭᠤᠨ ᠤ 19103 ᠡᠷᠦᠬᠡ ᠪᠠᠶᠢᠵᠤ᠂ ᠨᠡᠭᠦᠷᠡᠰᠦ ᠬᠡᠷᠡᠭᠯᠡᠭᠰᠡᠨ ᠬᠡᠮᠵᠢᠶ᠎ᠡ 37020 ᠲᠣᠨ︔ ᠤᠷᠠᠳ ᠤᠨ ᠳᠤᠮᠳᠠᠳᠤ ᠬᠤᠰᠢᠭᠤᠨ ᠤ 12401 ᠡᠷᠦᠬᠡ᠂ ᠨᠡᠭᠦᠷᠡᠰᠦ ᠬᠡᠷᠡᠭᠯᠡᠭᠰᠡᠨ ᠬᠡᠮᠵᠢᠶ᠎ᠡ 26275 ᠲᠣᠨ︔ ᠤᠷᠠᠳ ᠤᠨ ᠳᠤᠮᠳᠠᠳᠤ ᠬᠤᠰᠢᠭᠤᠨ ᠤ 3092 ᠡᠷᠦᠬᠡ᠂ ᠨᠡᠭᠦᠷᠡᠰᠦ ᠬᠡᠷᠡᠭᠯᠡᠭᠰᠡᠨ ᠬᠡᠮᠵᠢᠶ᠎ᠡ 6174 ᠲᠣᠨ︔ ᠬᠠᠩᠭᠢᠨ ᠬᠤᠶᠢᠲᠤ ᠬᠤᠰᠢᠭᠤᠨ ᠤ 27018 ᠡᠷᠦᠬᠡ᠂ ᠨᠡᠭᠦᠷᠡᠰᠦ ᠬᠡᠷᠡᠭᠯᠡᠭᠰᠡᠨ ᠬᠡᠮᠵᠢᠶ᠎ᠡ 54036 ᠲᠣᠨ ᠪᠠᠶᠢᠨ᠎ᠠ︔ ᠳ᠋ᠧᠩᠺᠸᠦ ᠰᠢᠶᠠᠨ ᠤ 7321 ᠡᠷᠦᠬᠡ ᠪᠠᠶᠢᠵᠤ᠂ ᠬᠡᠷᠡᠭᠯᠡᠬᠦ ᠨᠡᠭᠦᠷᠡᠰᠦᠨ ᠤ ᠬᠡᠮᠵᠢᠶ᠎ᠡ 14820 ᠲᠣᠨ ᠪᠠᠶᠢᠨ᠎ᠠ︔ ᠦᠶᠤᠸᠠᠨ ᠰᠢᠶᠠᠨ ᠤ 32775 ᠡᠷᠦᠬᠡ ᠪᠠᠶᠢᠵᠤ᠂ ᠬᠡᠷᠡᠭᠯᠡᠬᠦ ᠨᠡᠭᠦᠷᠡᠰᠦᠨ ᠤ ᠬᠡᠮᠵᠢᠶ᠎ᠡ 64583 ᠲᠣᠨ ᠪᠣᠯᠤᠨ᠎ᠠ᠃ ᠡᠨᠡ ᠵᠢᠯ ᠤᠨ ︽ᠰᠡᠳᠭᠢᠯ ᠢ ᠳᠤᠯᠠᠭᠠᠴᠠᠭ ᠤᠯᠬᠤ ᠨᠡᠭᠦᠷᠡᠰᠦ︾᠎ ᠶᠢᠨ ᠢᠯᠴᠢ ᠶᠢ 4200 ᠺᠢᠯᠣᠺᠠᠯᠤᠷᠢ ᠠᠴᠠ ᠳᠣᠣᠷ᠎ᠠ ᠦᠭᠡᠢ ᠪᠠᠶᠢᠯᠭᠠᠵᠤ᠂ ᠦᠨ᠎ᠡ ᠬᠠᠩᠰᠢ ᠨᠢ ᠨᠢᠳᠤᠨᠤᠨ ᠤ ᠬᠢ ᠲᠠᠢ ᠲᠡᠩᠴᠡᠭᠦᠦ ᠪᠠᠢᠵᠤ᠂ ᠣᠳᠣᠬᠠᠨ ᠳᠤ ︽ᠰᠡᠳᠭᠢᠯ ᠢ ᠳᠤᠯᠠᠭᠠᠴᠠᠭ ᠤᠯᠬᠤ ᠨᠡᠭᠦᠷᠡᠰᠦ︾ ᠶᠠᠭ ᠪᠦᠬᠦ ᠬᠦᠴᠦ ᠪᠠᠷ ᠢᠶᠠᠨ  ᠰᠢᠯᠵᠢᠭᠦᠯᠵᠦ  ᠪᠠᠶᠢᠨ᠎ᠠ ᠃      ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠠᠩᠭᠠᠯᠭ᠎ᠠ ᠶᠢᠨ ᠬᠡᠯᠬᠢᠶ᠎ᠡ ᠶᠢᠨ ᠡᠯ᠎ᠡ ᠭᠤᠭᠴᠤᠭ᠎ᠠ ᠶᠢ ᠰᠢᠮᠳᠠᠭᠤᠯᠵᠤ᠂ ᠮᠥᠷᠳᠡᠨ ᠳᠣᠭᠢᠷᠠᠭᠤᠯᠬᠤ᠂ ᠵᠣᠬᠢᠴᠠᠭᠤᠯᠤᠨ ᠦᠢᠯᠡᠴᠢᠯᠡᠬᠦ᠂ ᠵᠣᠬᠢᠶᠠᠨ ᠪᠠᠶᠢᠭᠤᠯᠵᠤ ᠬᠠᠩᠭᠠᠯᠭ᠎ᠠ ᠶᠢ ᠪᠠᠲᠤᠯᠠᠬᠤ ᠵᠡᠷᠭᠡ ᠡᠯ᠎ᠡ ᠵᠦᠢᠯ ᠤᠨ ᠠᠵᠢᠯ ᠢᠶᠠᠨ ᠴᠢᠩᠭᠠᠳᠬᠠᠵᠤ᠂ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾᠎ ᠶᠢ ᠰᠢᠯᠵᠢᠭᠦᠯᠦᠨ ᠲᠡᠭᠡᠭᠡᠪᠦᠷᠢᠯᠡᠬᠦ ᠶᠢ ᠪᠣᠳᠠᠲᠠᠶᠢᠵᠢᠭᠤᠯᠬᠤ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠮᠠᠯᠴᠢᠨ ᠲᠠᠷᠢᠶᠠᠴᠢᠨ ᠢ ᠳᠤᠯᠠᠭᠠᠨ ᠪᠦᠯᠢᠶᠡᠨ ᠡᠪᠦᠯᠵᠢᠭᠦᠯᠦᠨ᠎ᠡ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ