ᠰᠢ ᠶᠢᠨ ᠫᠢᠩ ᠱᠠᠨᠰᠢ ᠶᠢᠨ ᠪᠤᠤ ᠵᠢᠢ ᠬᠤᠳᠠ ᠪᠠ ᠭᠠᠨᠰᠤ ᠶᠢᠨ ᠲᠢᠶᠠᠨ ᠱᠦᠢ ᠬᠤᠳᠠ ᠳᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/9/29
      10 ᠤ ᠡᠳᠦᠷ ᠤᠨ ᠦᠳᠡ ᠶᠢᠨ ᠬᠤᠶᠢᠨ᠎ᠠ ᠠᠴᠠ 11 ᠤ ᠡᠳᠦᠷ ᠤᠨ ᠦᠳᠡ ᠶᠢᠨ ᠡᠮᠦᠨ᠎ᠡ ᠪᠣᠯᠲᠠᠯ᠎ᠠ᠂ ᠶᠡᠷᠦᠩᠬᠡᠶ ᠱᠦᠵᠢ ᠰᠢ ᠶᠢᠨ ᠫᠢᠩ ᠤᠷᠢᠳ ᠬᠤᠵᠢᠳ ᠱᠠᠨᠰᠢ ᠮᠤᠵᠢ ᠶᠢᠨ ᠪᠤᠣ ᠵᠢᠶ ᠬᠤᠲᠠ ᠪᠣᠯᠤᠨ ᠭᠠᠨᠰᠦ ᠮᠤᠵᠢ ᠶᠢᠨ ᠲᠢᠶᠠᠨ ᠱᠦᠶ ᠬᠤᠲᠠ ᠳᠤ ᠬᠦᠷᠴᠦ ᠰᠢᠨᠵᠢᠯᠡᠨ ᠪᠠᠶᠢᠴᠠᠭᠠᠪᠠ᠃ ᠪᠦᠦ ᠵᠢᠢ ᠬᠤᠳᠠ ᠳᠤ ᠂ ᠰᠢ ᠶᠢᠨ ᠫᠢᠩ ᠪᠣᠣ ᠵᠢᠢ ᠶᠢᠨ ᠬᠦᠷᠡᠯ ᠪᠠᠭᠠᠵᠢ ᠶᠢᠨ ᠮᠦᠽᠧᠢ᠂ ᠸᠧᠢ ᠡᡁᠧ ᠠᠮᠢ ᠠᠬᠤᠢ ᠶᠢᠨ ᠴᠡᠴᠡᠷᠯᠢᠭ ᠢ ᠰᠢᠨᠵᠢᠯᠡᠨ ᠪᠠᠶᠢᠴᠠᠭᠠᠵᠤ᠂ ᠲᠤᠬᠠᠢ ᠶᠢᠨ ᠭᠠᠵᠠᠷ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠶᠢ ᠴᠢᠩᠭᠠᠳᠬᠠᠭᠰᠠᠨ ᠪᠠ ᠸᠧᠢ ᠾᠧ ᠭᠤᠣᠯ ᠤᠨ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠥᠷᠨᠢᠭᠦᠯᠦᠭᠰᠡᠨ ᠵᠡᠷᠭᠡ ᠪᠠᠶᠢᠳᠠᠯ ᠢ ᠣᠶᠢᠯᠠᠭᠠᠪᠠ᠃ ᠲᠢᠶᠠᠨ ᠱᠦᠢ ᠬᠤᠳᠠ ᠳᠤ᠂ ᠰᠢ ᠶᠢᠨ ᠫᠢᠩ ᠹᠦ᠋ ᠰᠢ ᠮᠢᠶᠤᠤ᠂ ᠮᠠᠢ ᠵᠢᠢ ᠲᠣᠭᠤᠷᠢᠭ ᠤᠨ ᠨᠠᠨ ᠱᠠᠨ ᠬᠤᠸᠠ ᠨᠢᠦ ᠠᠯᠮᠤᠷᠠᠳ ᠤᠨ ᠰᠠᠭᠤᠷᠢᠨ ᠭᠠᠵᠠᠷ᠂ ᠮᠠᠢ ᠵᠢᠢ ᠱᠠᠨ ᠠᠭᠤᠯᠠᠨ ᠤ ᠴᠢᠯᠠᠭᠤᠨ ᠠᠭᠤᠢ ᠶᠢ ᠰᠢᠨᠵᠢᠯᠡᠨ ᠪᠠᠶᠢᠴᠠᠭᠠᠵᠤ᠂ ᠲᠤᠬᠠᠢ ᠶᠢᠨ ᠭᠠᠵᠠᠷ ᠤᠨ ᠰᠣᠶᠣᠯ ᠤᠨ ᠥᠪ ᠢᠶᠠᠨ ᠬᠠᠮᠠᠭᠠᠯᠠᠨ ᠤᠯᠠᠮᠵᠢᠯᠠᠬᠤ ᠶᠢ ᠠᠬᠢᠭᠤᠯᠤᠭᠰᠠᠨ᠂ ᠤᠨᠴᠠᠯᠢᠬᠳᠤ ᠤᠳᠤ ᠦᠶ᠎ᠡ ᠶᠢᠨ ᠠᠭᠤᠯᠠᠷᠬᠠᠭ ᠣᠷᠣᠨ ᠤ ᠵᠢᠮᠢᠰ ᠤᠨ ᠦᠢᠯᠡᠰ ᠢ ᠬᠥᠭᠵᠢᠭᠦᠯᠦᠭᠰᠡᠨ ᠵᠡᠷᠭᠡ ᠪᠠᠶᠢᠳᠠᠯ ᠢ ᠣᠶᠢᠯᠠᠭᠠᠪᠠ᠃
 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ