9 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠪᠣᠯᠣᠨ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ | ᠶᠡᠷᠦᠩᠬᠡᠢ ᠱᠦᠵᠢ ᠰᠢ ᠶᠢᠨ ᠫᠢᠩ ᠤᠨ ᠭᠠᠨᠰᠤ᠂ ᠱᠠᠨᠰᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠵᠢᠴᠢ ᠬᠠᠲᠤᠨ ᠭᠤᠣᠯ ᠤᠨ ᠰᠠᠪᠠ | ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ | ᠶᠣᠰᠣᠭᠠᠷ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠦᠭᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ᠃ ᠦᠵᠡᠯ | ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠲᠠᠢ ᠨᠢᠭᠡᠳᠬᠡᠵᠦ᠂ ᠡᠳᠦᠷ ᠲᠤᠳᠤᠮ ᠤᠨ ᠠᠵᠢᠯ ᠳᠠᠭᠠᠨ ᠠᠭᠤᠰᠤᠯᠴᠠᠭᠤᠯᠬᠤ᠂ ᠪᠠᠶᠢᠩᠭᠤ ᠠᠳᠬᠤᠬᠤ ᠶᠢ ᠪᠠᠷᠢᠮᠲᠠᠯᠠᠵᠤ᠂ ᠪᠤᠷᠤᠭᠤ | ᠲᠠᠯ᠎ᠠ ᠶᠢᠨ ᠨᠡᠶᠢᠲᠡᠯᠢᠭ ᠵᠢᠱᠢᠶ᠎ᠡ ᠪᠠᠷ ᠴᠡᠭᠡᠷᠯᠡᠯ ᠪᠤᠯᠭᠠᠵᠤ ᠰᠠᠬᠢᠯᠭ᠎ᠠ ᠪᠠᠲᠤ ᠶᠢᠨ ᠤᠬᠠᠮᠰᠠᠷ᠂ ᠶᠣᠰᠣ ᠳᠦᠷᠢᠮ ᠤᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ | ᠶᠡᠷᠦᠩᠬᠡᠢ ᠱᠦᠵᠢ ᠰᠢ ᠶᠢᠨ ᠫᠢᠩ ᠤᠨ ᠬᠠᠶᠢᠨᠠᠨ ᠭᠤᠸᠠᠩᠳᠦ᠋ᠩ ᠵᠡᠷᠭᠡ ᠭᠠᠵᠠᠷ ᠤᠨ ᠲᠠᠶᠢᠹᠧᠩ ᠰᠠᠯᠬᠢᠨ ᠤ ᠭᠠᠮᠰᠢᠭ ᠤᠨ ᠲᠤᠬᠠᠢ ᠵᠢᠭᠠᠪᠤᠷᠢᠯᠠᠭᠰᠠᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠢᠭᠡ ᠠᠴᠠ ᠨᠦᠭᠦᠭᠡ ᠶᠢ ᠵᠦᠢᠴᠢᠯᠡᠨ ᠮᠡᠳᠡᠵᠦ ᠳᠣᠣᠷ᠎ᠠ ᠳᠤᠯᠠᠭᠠᠨ᠂ ᠬᠢᠷᠠᠭᠤ | ᠬᠥᠯᠳᠡᠭᠦᠦ᠂ ᠪᠣᠷᠣᠭᠠᠨ ᠴᠠᠰᠤ᠂ ᠦᠶᠡᠷ ᠤᠰᠤᠲᠤᠯ ᠢ ᠰᠡᠷᠭᠡᠶᠢᠯᠡᠬᠦ ᠪᠠ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠵᠡᠷᠭᠡ ᠠᠵᠢᠯ ᠢ ᠰᠠᠶᠢᠲᠤᠷ | ᠬᠢᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠨᠠᠮᠤᠷ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠪᠠᠲᠤᠯᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ | ᠫᠢᠩ ᠤᠨ ︽ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ | ᠪᠦᠲᠦᠭᠡᠨ ᠪᠠᠶᠢᠭᠤᠯᠤᠭᠴᠢ ᠪᠣᠯᠣᠨ ᠵᠠᠯᠭᠠᠮᠵᠢᠯᠠᠭᠴᠢ ᠶᠢ ᠬᠥᠮᠥᠵᠢᠭᠦᠯᠬᠦ ᠬᠡᠷᠡᠭᠲᠡᠢ︾ ᠭᠡᠬᠦ ᠴᠢᠬᠤᠯᠠ ᠵᠣᠬᠢᠶᠠᠯ ᠪᠣᠯᠣᠨ ᠪᠦᠭᠦ ᠤᠯᠤᠰ ᠤᠨ ᠰᠤᠷᠭᠠᠨ ᠬᠥᠮᠦᠵᠢᠯ ᠤᠨ | ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠠᠵᠢᠯ ᠤᠨ ᠭᠤᠣᠯ ᠰᠢᠵᠢᠮ ᠢ ᠴᠢᠩᠭ᠎ᠠ ᠡᠵᠡᠮᠳᠡᠵᠦ᠂ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠨᠢᠭᠡ | ᠴᠣᠭᠴᠠᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠬᠥᠮᠥᠨ ᠠᠮᠠ ᠶᠢᠨ ᠬᠤᠪᠢᠷᠠᠯᠲᠠ ᠶᠢᠨ ᠬᠠᠨᠳᠤᠰᠢ ᠲᠠᠢ ᠤᠶᠠᠯᠳᠤᠭᠤᠯᠤᠨ ᠰᠤᠷᠭᠠᠨ ᠬᠥᠮᠦᠵᠢᠯ ᠤᠨ ᠡᠬᠢ | ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠲᠠᠪᠤᠨ ᠶᠡᠭᠡ ᠡᠭᠦᠷᠭᠡ ᠶᠢᠨ ᠲᠣᠭᠤᠷᠢᠨ ᠳᠤ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ | ᠰᠢᠯᠢᠳᠡᠭᠵᠢᠭᠦᠯᠦᠨ ᠲᠣᠬᠢᠷᠠᠭᠤᠯᠵᠤ᠂ ᠥᠨᠳᠥᠷ ᠬᠡᠪ ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠡᠳ᠋ ᠤᠨ ᠵᠠᠰᠠᠭ ᠤᠨ ᠲᠠᠯ᠎ᠠ ᠶᠢᠨ ᠬᠢᠨᠠᠨ ᠪᠣᠳᠣᠯᠲᠠ ᠶᠢᠨ ᠬᠤᠯᠪᠣᠭᠳᠠᠯ ᠪᠦᠬᠦᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ | ᠰᠤᠳᠤᠯᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠰᠲ᠋ᠧᠮ ᠤᠨ ᠴᠢᠨᠠᠷᠲᠠᠢ ᠪᠠᠷ ᠠᠰᠠᠭᠤᠳᠠᠯ ᠢ ᠰᠢᠢᠳᠪᠦᠷᠢᠯᠡᠬᠦ | ᠳᠡᠭᠡᠷ᠎ᠡ ᠬᠦᠴᠦ ᠣᠷᠣᠭᠤᠯᠵᠤ᠂ ︽ᠠᠯᠳᠠᠭ᠎ᠠ ᠪᠤᠷᠤᠭᠤ ᠶᠢ ᠵᠠᠯᠠᠷᠠᠭᠤᠯᠬᠤ︾ ᠪᠠᠷ ᠵᠢᠯᠣᠭᠤᠳᠤᠮᠵᠢ ᠪᠣᠯᠭᠠᠨ ᠥᠭᠡᠷᠡᠴᠢᠯᠡᠯᠲᠡ ᠶᠢ ᠠᠬᠢᠭᠤᠯᠵᠤ᠂ ᠨᠢᠭᠡ ᠠᠰᠠᠭᠤᠳᠠᠯ ᠢ | ᠰᠢᠢᠳᠪᠦᠷᠢᠯᠡᠬᠦ ᠪᠠᠷ ᠨᠢᠭᠡ ᠬᠦᠷᠢᠶ᠎ᠡ ᠴᠠᠷᠠᠭ᠎ᠠ ᠶᠢ ᠵᠢᠷᠤᠮᠵᠢᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠤᠯᠤᠰ ᠤᠨ ᠲᠤᠭ ᠤᠨ ᠬᠠᠮᠢᠶᠠᠷᠤᠯᠲᠠ ᠶᠢᠨ ᠲᠤᠬᠠᠢ ᠥᠪᠡᠷᠲᠡᠭᠡᠨ ᠵᠠᠰᠠᠬᠤ ᠣᠷᠣᠨ ᠤ ᠠᠵᠢᠯ ᠤᠨ ᠲᠣᠭᠲᠠᠭᠠᠯ ᠢ ᠬᠢᠨᠠᠨ ᠵᠥᠪᠯᠡᠵᠦ ᠪᠠᠲᠤᠯᠠᠨ᠂ | ᠤᠯᠤᠰ ᠤᠨ ᠲᠤᠭ ᠢ ᠵᠣᠬᠢᠶᠠᠬᠤ᠂ ᠪᠣᠷᠣᠯᠠᠭᠤᠯᠬᠤ᠂ ᠬᠡᠷᠡᠭᠯᠡᠬᠦ᠂ ᠬᠤᠷᠢᠶᠠᠨ ᠠᠪᠬᠤ ᠡᠯ᠎ᠡ ᠭᠤᠭᠴᠤᠭ᠎ᠠ ᠶᠢ ᠴᠢᠩᠭ᠎ᠠ ᠵᠢᠷᠤᠮᠵᠢᠭᠤᠯᠵᠤ᠂ ᠨᠡᠶᠢᠭᠡᠮ ᠳᠠᠶᠠᠭᠠᠷ ᠲᠤ | ᠤᠯᠤᠰ ᠤᠨ ᠲᠤᠭ ᠢ ᠬᠦᠨᠳᠦᠳᠬᠡᠬᠦ᠂ ᠤᠯᠤᠰ ᠤᠨ ᠲᠤᠭ ᠢ ᠬᠠᠶᠢᠷᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠶ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠲᠠᠮᠢᠷᠴᠢᠨ ᠳᠠᠰᠬᠠᠯᠵᠢᠭᠤᠯᠤᠭᠴᠢ ᠶᠢᠨ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠴᠢᠬᠤᠯᠠ ᠶᠡᠭᠡ | ᠤᠷᠤᠯᠳᠤᠭᠠᠨ ᠳᠤ ᠣᠷᠣᠯᠴᠠᠵᠤ ᠣᠯᠣᠭᠰᠠᠨ ᠬᠢᠷᠢ ᠪᠦᠲᠦᠮᠵᠢ ᠶᠢ ᠱᠠᠩᠨᠠᠬᠤ ᠲᠤᠬᠠᠢ ᠠᠷᠭ᠎ᠠ ᠶᠢ ᠬᠢᠨᠠᠨ ᠵᠥᠪᠯᠡᠵᠦ ᠪᠠᠲᠤᠯᠠᠪᠠ᠃ | | | |