9 ᠰᠠᠷ᠎ᠠ ᠶᠢᠨ 14 ᠤ ᠡᠳᠦᠷ᠂ ᠬᠤᠲᠠ ᠶᠢᠨ ᠦᠭᠡ ᠬᠡᠯᠡ ᠥᠰᠥᠭ ᠪᠢᠴᠢᠭ ᠤᠨ ᠠᠵᠢᠯ ᠤᠨ ᠵᠥᠪᠯᠡᠯ ᠠᠴᠠ ᠭᠤᠤᠯᠯᠠᠨ ᠡᠷᠭᠢᠯᠡᠭᠰᠡᠨ ᠪᠠᠶᠠᠨᠨᠠᠭᠤᠷ | ᠬᠤᠲᠠ ᠶᠢᠨ 27 ᠳ᠋ᠤᠭᠠᠷ ᠬᠤᠭᠤᠴᠠᠭᠠᠨ ᠤ ᠪᠥᠬᠦ ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠬᠤᠲᠠ ᠶᠢᠨ | ᠰᠣᠶᠣᠯ ᠤᠨ ᠦᠵᠡᠰᠬᠦᠯᠡᠩ ᠤᠨ ᠲᠠᠯᠠᠪᠠᠶ ᠳᠤ ᠡᠬᠢᠯᠡᠪᠡ᠃ | ᠲᠣᠰ ᠬᠤᠭᠤᠴᠠᠭᠠᠨ ᠤ ᠪᠥᠬᠦ ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢᠨ ᠭᠤᠤᠯ ᠰᠡᠳᠦᠪ ᠨᠢ ︽ | ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠡᠷᠴᠢᠮ ᠢᠶᠠᠨ ᠴᠢᠩᠭᠠᠷᠠᠭᠤᠯᠵᠤ ᠬᠦᠴᠦᠷᠬᠡᠭ ᠤᠯᠤᠰ ᠤᠨ ᠦᠭᠡ ᠬᠡᠯᠡᠨ ᠤ ᠰᠠᠭᠤᠷᠢ ᠶᠢ ᠪᠠᠬᠢᠵᠢᠭᠦᠯᠬᠦ︾ ᠪᠣᠯᠤᠨ᠎ᠠ᠃ 9 | ᠰᠠᠷ᠎ᠠ ᠶᠢᠨ 16 ᠤ ᠡᠳᠦᠷ ᠠᠴᠠ 22 ᠤᠨ ᠡᠳᠦᠷ ᠪᠣᠯᠲᠠᠯᠠᠬᠢ ᠬᠤᠭᠤᠴᠠᠭᠠᠨ ᠳᠤ᠂ ᠮᠠᠨ ᠤ ᠬᠤᠲᠠ ᠳᠤᠮᠳᠠᠳᠤ ᠶᠢᠨ ᠰᠣᠩᠭᠤᠳᠠᠭ ᠪᠦᠲᠦᠭᠡᠯ ᠢ ᠤᠶᠠᠩᠭᠠᠯᠠᠨ | ᠪᠢᠴᠢᠬᠦ ᠠᠵᠢᠯᠯᠠᠭ᠎ᠠ᠂ ᠭᠤᠤᠯᠳᠠᠯᠭ᠎ᠠ ᠲᠠᠢ ᠬᠥᠮᠦᠰ ᠤᠨ ᠨᠡᠶᠢᠲᠡᠯᠢᠭ ᠬᠡᠯᠡᠨ ᠤ ᠬᠢᠷᠢ ᠲᠦᠪᠰᠢᠨ ᠤ ᠪᠣᠯᠪᠠᠰᠤᠷᠠᠭᠤᠯᠤᠯ ᠰᠣᠷᠢᠯᠲᠠ᠂ ᠪᠥᠬᠦ ᠠᠷᠠᠳ ᠤᠨ ᠤᠩᠰᠢᠯᠭ᠎ᠠ | ᠵᠡᠷᠭᠡ ᠪᠠᠶᠠᠯᠢᠭ ᠰᠠᠶᠢᠬᠠᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠪᠥᠬᠦ ᠨᠡᠶᠢᠭᠡᠮ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ | ᠤᠬᠠᠮᠰᠠᠷ ᠠᠴᠠ ᠪᠠᠨ ᠵᠢᠷᠤᠮᠵᠢᠭᠤᠯᠤᠨ ᠬᠡᠷᠡᠭᠯᠡᠬᠦ ᠪᠠ ᠳᠤᠮᠳᠠᠳᠤ ᠶᠢᠨ ᠰᠢᠯᠢᠳᠡᠭ ᠦᠭᠡ ᠬᠡᠯᠡ ᠰᠣᠶᠣᠯ ᠢ ᠤᠯᠠᠮᠵᠢᠯᠠᠨ ᠪᠠᠳᠠᠷᠠᠭᠤᠯᠬᠤ ᠤᠬᠠᠮᠰᠠᠷ ᠢ ᠤᠯᠠᠮ ᠨᠢᠭᠡ | ᠠᠯᠬᠤᠮ ᠴᠢᠩᠭᠠᠳᠬᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠢ ᠪᠥᠬᠦ ᠲᠠᠯ᠎ᠠ ᠪᠠᠷ ᠴᠢᠩᠭᠠᠳᠬᠠᠬᠤ ᠰᠠᠶᠢᠨ | ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ | |