ᠪᠠᠶᠠᠨᠨᠠᠭᠤᠷ ᠢ ᠲᠤᠭᠤᠯᠬᠤ · ᠮᠣᠨᠢ ᠠᠭᠤᠯᠠ ᠶᠢ ᠲᠤᠭᠤᠯᠬᠤ ᠵᠢᠭᠤᠯᠴᠢᠯᠠᠯ ᠶᠠᠪᠤᠭᠳᠠᠪᠠ
ᠨᠡᠶᠢᠲᠡᠯᠡᠭᠰᠡᠨ ᠴᠠᠭ᠄
2024/9/29
      9 ᠰᠠᠷ᠎ᠠ ᠶᠢᠨ 15 ᠤ ᠡᠳᠦᠷ ᠤᠨ ᠥᠷᠯᠥᠭᠡ᠂ ︽ᠬᠤᠯᠠ ᠶᠢᠨ ᠵᠣᠴᠢᠳ ᠲᠠᠨ ᠢ ᠵᠠᠯᠠᠵᠤ ᠠᠪᠠᠴᠢᠪᠠ︾ ᠪᠠᠶᠠᠨᠨᠠᠭᠤᠷ  ᠢ ᠲᠤᠭᠤᠯᠬᠤ᠂ ᠮᠣᠨᠢ ᠠᠭᠤᠯᠠ ᠶᠢ ᠲᠤᠭᠤᠯᠬᠤ ᠵᠢᠭᠤᠯᠴᠢᠯᠠᠯ ᠯᠢᠨ ᠾᠧ ᠳᠤ ᠲᠡᠷᠭᠡ ᠬᠥᠳᠡᠯᠭᠡᠵᠦ᠂ 30 ᠭᠠᠷᠤᠢ ᠲᠡᠷᠭᠡ ᠪᠠᠷ ᠪᠦᠷᠢᠯᠳᠦᠭᠰᠡᠨ ᠲᠡᠷᠭᠡᠨ ᠠᠩᠭᠢ ᠨᠢᠭᠡ ᠤᠳᠠᠭᠠᠨ ᠤ ᠨᠢᠭᠤᠴᠠ ᠶᠢ ᠬᠠᠢᠬᠤ ᠠᠶᠠᠯᠠᠯ ᠢᠶᠠᠨ ᠡᠬᠢᠯᠡᠭᠦᠯᠵᠡᠢ᠃      ᠤᠶᠢᠯᠠᠭᠠᠯᠳᠠ ᠪᠠᠷ᠂ ᠲᠤᠰ ᠤᠳᠠᠭᠠᠨ ᠤ ᠠᠶᠠᠯᠠᠯ ᠮᠤᠨᠢ ᠠᠭᠤᠯᠠ ᠶᠢ ᠭᠡᠲᠦᠯᠬᠦ ᠰᠤᠩᠭᠤᠳᠠᠭ ᠱᠤᠭᠤᠮ ᠢ ᠰᠤᠩᠭᠤᠨ ᠠᠪᠴᠦ᠂ ᠵᠢᠢ ᠯᠦ ᠰᠠᠢ ᠠᠴᠠ ᠮᠤᠷᠳᠠᠵᠦ᠂ ᠬᠠᠷᠭᠠᠨ᠎ᠠ ᠶᠢᠨ ᠵᠢᠯᠠᠭ᠎ᠠ᠂ ᠪᠠᠭᠠᠳᠤᠷ ᠫᠦᠰᠡ᠂ ᠬᠦᠭᠡᠨ᠋ᠦ᠋ᠠᠲᠤᠷ ᠤᠨ ᠭᠠᠳᠠᠨᠠᠬᠢ ᠦᠷᠲᠡᠭᠡ᠂ ᠬᠤᠩ ᠰᠢᠶᠠ ᠵᠢᠯᠠᠭ᠎ᠠ᠂ ᠮᠠᠯᠠᠨ ᠨᠠᠭᠤᠷ ᠢᠶᠠᠷ ᠦᠩᠭᠡᠷᠡᠪᠡ᠃ ᠲᠣᠰ ᠠᠵᠢᠯᠯᠠᠭ᠎ᠠ ᠳᠤ ᠬᠥᠬᠡᠬᠤᠲᠠ᠂ ᠪᠤᠭᠤᠲᠤ᠂ ᠣᠷᠳᠣᠰ ᠵᠡᠷᠭᠡ ᠡᠷᠬᠢᠨ ᠲᠣᠭᠤᠷᠢᠨ ᠤ ᠠᠶᠢᠮᠠᠭ ᠬᠤᠲᠠ ᠶᠢᠨ ᠥᠪᠡᠰᠦᠪᠡᠨ ᠲᠡᠷᠭᠡ ᠵᠢᠯᠣᠭᠤᠳᠴᠤ ᠵᠤᠭᠠᠴᠠᠬᠤ ᠺᠯᠦ᠋ᠪ ᠵᠢᠴᠢ ᠪᠡᠭᠡᠵᠢᠩ ᠲᠢᠶᠠᠨᠵᠢᠨ ᠾᠧᠪᠧᠶ᠂ ᠱᠠᠨ ᠰᠢ᠂ ᠨᠢᠩᠰᠢᠶᠠ ᠵᠡᠷᠭᠡ ᠡᠷᠬᠢᠨ ᠲᠣᠭᠤᠷᠢᠨ ᠤ ᠮᠤᠵᠢ ᠬᠤᠲᠠ ᠶᠢᠨ ᠥᠪᠡᠰᠦᠪᠡᠨ ᠲᠡᠷᠭᠡ ᠵᠢᠯᠣᠭᠤᠳᠴᠤ ᠵᠤᠭᠠᠴᠠᠬᠤ ᠺᠯᠦ᠋ᠪ ᠤᠨ ᠳᠤᠷ᠎ᠠ ᠪᠠᠭ᠋ᠠᠲᠠᠶ ᠬᠥᠮᠦᠰ ᠢ ᠲᠡᠳᠡᠨ ᠠᠪᠴᠢᠷᠠᠵᠤ ᠢᠳᠡᠪᠬᠢᠲᠡᠶ ᠣᠷᠣᠯᠴᠠᠭᠤᠯᠪᠠ᠃      ᠵᠠᠮ ᠲᠠᠭᠠᠤ᠂ ᠬᠤᠪᠢ ᠶᠢᠨ ᠲᠡᠷᠭᠡ ᠪᠠᠷ ᠵᠤᠭᠠᠴᠠᠬᠤ ᠳᠤ ᠪᠠᠭ᠋ᠠᠲᠠᠶ ᠬᠥᠮᠦᠰ ᠲᠡᠷᠭᠡᠨ ᠮᠡᠷᠭᠡᠵᠢᠯ ᠪᠣᠯᠤᠨ ᠬᠥᠮᠦᠨ ᠤ ᠰᠥᠰᠥ ᠵᠣᠷᠢᠭ ᠢᠶᠠᠷ ᠨᠢᠭᠡ ᠨᠢᠭᠡ ᠥᠷᠢᠰᠥᠯᠳᠦᠭᠡᠨ ᠢ ᠡᠷᠬᠡᠰᠢᠶᠡᠪᠡ᠃ ᠣᠯᠠᠨ ᠢᠶᠠᠷ ᠢᠶᠠᠨ᠂ ᠡᠨᠡ ᠤᠳᠠᠭ᠎ᠠ ᠮᠤᠨᠢ ᠠᠭᠤᠯᠠ ᠶᠢ ᠭᠡᠲᠦᠯᠦᠭᠰᠡᠨ ᠨᠢ ᠨᠢᠭᠡ ᠤᠳᠠᠭᠠᠨ ᠤ ᠪᠠᠷᠲᠠᠭ᠎ᠠ ᠰᠢᠨᠵᠢᠯᠡᠬᠦ ᠠᠶᠠᠯᠠᠯ ᠪᠣᠯᠬᠤ ᠪᠠᠷ ᠪᠠᠷᠠᠬᠤ ᠥᠬᠡᠶ᠂ ᠨᠠᠩ ᠴᠤ ᠨᠢᠭᠡ ᠤᠳᠠᠭᠠᠨ ᠤ ᠰᠣᠶᠣᠯ ᠤᠨ ᠠᠶᠠᠯᠠᠯ ᠮᠥᠨ᠂ ᠣᠯᠤᠯᠲᠠ ᠳᠦᠭᠦᠷᠡᠩ ᠪᠠᠶᠢᠨ᠎ᠠ ᠭᠡᠵᠦ ᠢᠯᠡᠳᠬᠡᠵᠡᠭᠡᠪᠡ᠃      ᠲᠣᠰ ᠤᠳᠠᠭᠠᠨ ᠤ ᠠᠵᠢᠯᠯᠠᠭ᠎ᠠ ᠨᠢ ᠪᠥᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠥᠪᠡᠷ ᠢᠶᠠᠨ ᠲᠡᠷᠭᠡ ᠵᠢᠯᠣᠭᠤᠳᠴᠤ ᠵᠢᠭᠤᠯᠴᠢᠯᠠᠭᠰᠠᠳ ᠤᠨ ᠨᠡᠪᠲᠡᠷᠡᠯᠴᠡᠭᠡ ᠬᠠᠮᠵᠢᠯᠴᠠᠭ᠎ᠠ᠂ ᠬᠠᠷᠢᠯᠴᠠᠨ ᠬᠠᠪᠰᠤᠷᠤᠯᠴᠠᠬᠤ ᠳᠤᠮᠳᠠ ᠭᠦᠨ ᠵᠤᠵᠠᠭᠠᠨ ᠨᠥᠬᠦᠷᠯᠡᠯ ᠢ ᠪᠠᠶᠢᠭᠤᠯᠤᠭᠰᠠᠨ ᠪᠥᠭᠡᠳ ᠪᠠᠰᠠ ᠭᠠᠲᠤᠯᠬᠤ · ᠮᠤᠨᠢ ᠠᠭᠤᠯᠠ ᠶᠢᠨ ᠥᠪᠡᠷ ᠢᠶᠠᠨ ᠲᠡᠷᠭᠡ ᠵᠢᠯᠣᠭᠤᠳᠴᠤ ᠵᠤᠭᠠᠴᠠᠬᠤ ᠰᠣᠶᠣᠯ ᠤᠨ ᠰᠣᠯᠢᠯᠴᠠᠭ᠎ᠠ ᠪᠠ ᠲᠠᠷᠬᠠᠯᠲᠠ ᠶᠢ ᠠᠬᠢᠭᠤᠯᠤᠭᠰᠠᠨ ᠪᠠᠶᠢᠨ᠎ᠠ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ