ᠮᠠᠨ ᠤ ᠬᠤᠲᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠠ ᠠᠶᠤᠯᠭᠦᠶ ᠦᠢᠯᠡᠳᠪᠦᠷᠢᠯᠡᠯ ᠤᠨ ᠲᠤᠰᠬᠠᠶ ᠰᠡᠳᠦᠪᠲᠦ ᠲᠠᠶᠢᠯᠤᠮᠵᠢ ᠡᠷᠬᠢᠯᠡᠪᠡ ᠸᠠᠩ ᡁᠢ ᠫᠢᠩ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2024/9/29
      9 ᠰᠠᠷ᠎ᠠ ᠶᠢᠨ 18 ᠤ ᠡᠳᠦᠷ᠂ ᠮᠠᠨ ᠤ ᠬᠤᠲᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠠ ᠠᠶᠤᠯᠭᠦᠶ ᠦᠢᠯᠡᠳᠪᠦᠷᠢᠯᠡᠯ ᠤᠨ ᠲᠤᠰᠬᠠᠶ ᠰᠡᠳᠦᠪᠲᠦ ᠲᠠᠶᠢᠯᠤᠮᠵᠢ ᠡᠷᠭᠢᠯᠡᠵᠦ᠂ ᠨᠠᠨᠵᠢᠩ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠣᠯᠠᠨ ᠨᠡᠶᠢᠲᠡ ᠶᠢᠨ ᠠᠮᠤᠷ ᠲᠦᠪᠰᠢᠨ ᠤ ᠰᠤᠳᠤᠯᠭᠠᠨ ᠤ ᠬᠦᠷᠢᠶᠡᠯᠡᠩ ᠤᠨ ᠳᠡᠳ᠋ ᠳᠠᠷᠤᠭ᠎ᠠ ᠢᠦᠶ ᠸᠠᠨ ᠹᠠ ᠶᠢ ᠤᠷᠢᠵᠤ ᠲᠤᠰᠬᠠᠶ ᠰᠡᠳᠦᠪᠲᠦ ᠲᠠᠶᠢᠯᠤᠮᠵᠢ ᠬᠢᠯᠭᠡᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᡁᠢ ᠫᠢᠩ ᠣᠷᠣᠯᠴᠠᠵᠠᠢ᠃      ᠢᠦᠢ ᠸᠠᠨ ᠹᠠ ︽ᠰᠢᠨ᠎ᠡ ᠴᠠᠭ ᠦᠶ᠎ᠡ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠪᠠᠲᠤᠯᠠᠭ᠎ᠠ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ - ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠨ ᠲᠤᠭᠤᠰᠢᠯᠠᠭᠤᠯᠤᠶ᠎ᠠ︾ ᠭᠡᠬᠦ ᠰᠡᠳᠦᠪ ᠢᠶᠠᠷ ︽ᠬᠥᠮᠦᠨ ᠢᠶᠠᠷ ᠦᠨᠳᠦᠰᠦ ᠪᠣᠯᠭᠠᠬᠤ ᠠᠮᠤᠷ ᠲᠦᠪᠰᠢᠨ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠬᠤ︾᠂ ︽ᠠᠭᠤᠯᠠᠨ ᠠᠴᠠ ᠬᠦᠨᠳᠦ ᠴᠢᠩᠭ᠎ᠠ ᠲᠣᠳᠣᠷᠬᠠᠢ ᠬᠠᠷᠢᠭᠤᠴᠠᠯᠭ᠎ᠠ ᠶᠢᠨ ᠰᠢᠰᠲ᠋ᠧᠮ ᠢ ᠪᠠᠲᠤ ᠴᠣᠭᠴᠠᠯᠠᠬᠤ︾᠂ ︽ᠬᠤᠷᠢᠭ᠎ᠠ ᠱᠤᠭᠤᠮ ᠤᠨ ᠰᠡᠳᠬᠢᠬᠦᠢ ᠠᠴᠠ ᠠᠶᠤᠯ ᠲᠦᠭᠰᠢᠭᠦᠷᠢ ᠭᠡᠮ ᠰᠣᠭᠤᠭ ᠢ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ︾ ᠵᠡᠷᠭᠡ ᠭᠤᠷᠪᠠᠨ ᠳᠠᠪᠬᠤᠷᠭ᠎ᠠ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠣᠯᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠳᠤ ᠪᠦᠬᠦ ᠲᠠᠯ᠎ᠠ ᠪᠠᠷ᠂ ᠰᠢᠰᠲ᠋ᠧᠮ ᠲᠠᠢ᠂ ᠭᠦᠨᠵᠡᠭᠡᠢ ᠲᠠᠶᠢᠯᠪᠤᠷᠢᠯᠠᠯᠲᠠ ᠬᠢᠵᠡᠢ᠃ ᠲᠠᠶᠢᠯᠤᠮᠵᠢ ᠶᠢᠨ ᠠᠭᠤᠯᠤᠭᠳᠠᠬᠤᠨ ᠭᠦᠨᠵᠡᠭᠡᠶ᠂ ᠭᠤᠤᠯᠳᠠᠯᠭ᠎ᠠ ᠲᠣᠪᠤᠶᠢᠮ᠎ᠠ᠂ ᠬᠡᠷᠡᠭ ᠤᠨ ᠵᠢᠱᠢᠶ᠎ᠡ ᠨᠠᠷᠢᠨ ᠪᠣᠳᠠᠲᠠᠶ᠂ ᠭᠦᠨᠵᠡᠭᠡᠶ ᠪᠥᠭᠡᠳ ᠣᠶᠢᠯᠠᠭᠠᠮᠵᠢᠲᠠᠶ ᠪᠠᠶᠢᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠠ ᠠᠶᠤᠯᠭᠦᠶ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠳᠤ ᠴᠢᠬᠤᠯᠠ ᠬᠠᠨᠳᠤᠯᠭᠠᠲᠤ ᠴᠢᠨᠠᠷ᠂ ᠵᠢᠯᠣᠭᠤᠳᠬᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠶᠤᠮ᠃      ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠠᠮᠤᠷ ᠲᠦᠪᠰᠢᠨ ᠬᠥᠭᠵᠢᠯᠲᠡ ᠶᠢᠨ ᠤᠢᠢᠯᠠᠭᠠᠭᠳᠠᠬᠤᠨ ᠢ ᠤᠯᠠᠮ ᠴᠢᠨᠠᠭᠰᠢᠳᠠ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠨᠰᠢᠬᠦᠯᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠠᠷᠢᠯᠭᠠᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠬᠦ ᠬᠡᠷᠡᠭᠲᠡᠢ᠃      ᠬᠤᠲᠠ ᠶᠢᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ᠂ ᠬᠤᠲᠠ ᠶᠢᠨ ᠰᠢᠭᠤᠳ ᠬᠠᠷᠢᠶ᠎ᠠ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠡᠯ᠎ᠡ ᠬᠤᠰᠢᠭᠤ ᠰᠢᠶᠠᠨ ᠲᠣᠭᠤᠷᠢᠭ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠨᠠᠷ ᠰᠤᠷᠤᠯᠴᠠᠯᠭ᠎ᠠ ᠳᠤ ᠣᠷᠣᠯᠴᠠᠪᠠ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ