ᠮᠠᠨ ᠤ ᠬᠤᠲᠠ ᠶᠢᠨ 2 ᠲᠣᠰᠬᠤᠨ ᠥᠪᠡᠷᠲᠡᠭᠡᠨ ᠵᠠᠰᠠᠬᠤ ᠣᠷᠣᠨ ᠤ ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠬᠥᠳᠡᠭᠡ ᠲᠣᠰᠬᠤᠨ ᠢᠶᠠᠷ ᠰᠣᠩᠭᠤᠭᠳᠠᠪᠠ
ᠨᠡᠶᠢᠲᠡᠯᠡᠭᠰᠡᠨ ᠴᠠᠭ᠄
2024/9/29
      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︽2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠬᠥᠳᠡᠭᠡ ᠲᠣᠰᠬᠤᠨ︾ ᠢ ᠰᠢᠯᠭᠠᠷᠠᠭᠤᠯᠤᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠵᠦ᠂ ᠮᠠᠨ ᠤ ᠬᠤᠲᠠ ᠶᠢᠨ 2 ᠲᠣᠰᠬᠤᠨ ᠰᠣᠩᠭᠤᠭᠳᠠᠪᠠ᠃      ᠣᠶᠢᠯᠠᠭᠠᠭᠰᠠᠨ ᠢᠶᠠᠷ᠂ ︽2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠬᠥᠳᠡᠭᠡ ᠲᠣᠰᠬᠤᠨ ᠢ ᠭᠤᠶᠤᠴᠢᠯᠠᠨ ᠮᠡᠳᠡᠭᠦᠯᠬᠦ ᠠᠵᠢᠯ ᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠵᠠᠰᠠᠭ ᠵᠠᠬᠢᠷᠭᠠᠨ ᠤ ᠲᠣᠰᠬᠤᠨ ᠢᠶᠠᠷ ᠭᠤᠶᠤᠴᠢᠯᠠᠨ ᠮᠡᠳᠡᠭᠦᠯᠬᠦ᠂ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠢᠨᠠᠨ ᠬᠠᠷᠭᠤᠭᠤᠯᠬᠤ᠂ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠰᠢᠯᠢᠳᠡᠭ ᠢ ᠨᠢ ᠰᠣᠩᠭᠤᠨ ᠲᠠᠨᠢᠯᠴᠠᠭᠤᠯᠬᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠠᠴᠠ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠬᠢᠨᠠᠨ ᠲᠣᠭᠲᠠᠭᠠᠬᠤ ᠵᠡᠷᠭᠡ ᠲᠠᠰ ᠳᠠᠷᠠᠭᠠᠯᠠᠯ ᠢᠶᠠᠷ ᠳᠡᠮᠵᠢᠨ᠂ ᠪᠥᠬᠦ ᠣᠷᠣᠨ ᠤ ᠨᠡᠶᠢᠲᠡ 30 ᠲᠣᠰᠬᠤᠨ ᠬᠦᠷᠢᠶ᠎ᠡ ᠳᠤ ᠣᠷᠣᠵᠤ᠂ ᠮᠠᠨ ᠤ ᠬᠤᠲᠠ ᠶᠢᠨ ᠬᠠᠩᠭᠢᠨ ᠬᠤᠶᠢᠲᠤ ᠬᠤᠰᠢᠭᠤᠨ ᠤ ᠬᠤᠩ ᠰᠢᠩ ᠲᠣᠰᠬᠤᠨ᠂ ᠤᠷᠠᠳ ᠤᠨ ᠬᠤᠶᠢᠲᠤ ᠬᠤᠰᠢᠭᠤᠨ ᠤ ᠲᠤᠸᠠᠨ ᠵᠢᠶᠧ ᠲᠣᠰᠬᠤᠨ ᠥᠪᠡᠷᠲᠡᠭᠡᠨ ᠵᠠᠰᠠᠬᠤ ᠣᠷᠣᠨ ᠤ ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠬᠥᠳᠡᠭᠡ ᠲᠣᠰᠬᠤᠨ ᠳᠤ ᠰᠣᠩᠭᠤᠭᠳᠠᠪᠠ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ