ᠥᠪᠡᠷᠲᠡᠭᠡᠨ ᠵᠠᠰᠠᠬᠤ ᠣᠷᠣᠨ ︵ᠪᠠᠷᠠᠭᠤᠨ ᠣᠷᠣᠨ ᠤ ᠣᠷᠣᠨ︶ ᠤ ᠫᠢᠩᠫᠠᠩ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ᠂ ᠬᠤᠸᠠᠨ ᠵᠢᠩ ᠬᠤ᠋ ᠳᠤᠭᠤᠢ ᠲᠡᠷᠭᠡᠨ ᠤ ᠤᠷᠢᠯᠭ᠎ᠠ ᠶᠢᠨ ᠤᠷᠤᠯᠳᠤᠭᠠᠨ ᠲᠤᠰ ᠡᠳᠦᠷ ᠶᠠᠪᠤᠭᠳᠠᠪᠠ
ᠨᠡᠶᠢᠲᠡᠯᠡᠭᠰᠡᠨ ᠴᠠᠭ᠄
2024/9/29
      9 ᠰᠠᠷ᠎ᠠ ᠶᠢᠨ 21 ᠤ ᠡᠳᠦᠷ᠂ 2024 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︵ᠪᠠᠷᠠᠭᠤᠨ ᠣᠷᠣᠨ ᠤ ᠣᠷᠣᠨ︶ ᠤ ᠫᠢᠩᠫᠠᠩ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ ᠮᠠᠨ ᠤ ᠬᠤᠲᠠ ᠶᠢᠨ ᠳ᠋ᠧᠩᠺᠸᠦ ᠰᠢᠶᠠᠨ ᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠲᠤ ᠡᠬᠢᠯᠡᠪᠡ᠃      ᠲᠣᠰ ᠤᠳᠠᠭᠠᠨ ᠤ ᠤᠷᠢᠯᠭ᠎ᠠ ᠶᠢᠨ ᠤᠷᠤᠯᠳᠤᠭᠠᠨ ᠢ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠬᠤᠲᠠ ᠶᠢᠨ ᠫᠢᠩᠫᠠᠩ ᠪᠥᠮᠪᠦᠭᠡ ᠶᠢᠨ ᠨᠡᠶᠢᠭᠡᠮᠯᠢᠭ᠂ ᠳ᠋ᠧᠩᠺᠸᠦ ᠰᠢᠶᠠᠨ ᠤ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠳ᠋ᠧᠩᠺᠸᠦ ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠳᠠᠭᠠᠭᠠᠴᠢᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠤᠨ ᠫᠢᠩᠫᠠᠩ ᠪᠥᠮᠪᠦᠭᠡ ᠶᠢᠨ ᠬᠥᠳᠡᠯᠭᠡᠭᠡᠨ ᠤ ᠲᠦᠭᠡᠮᠡᠯᠵᠢᠯᠲᠡ ᠪᠠ ᠬᠥᠭᠵᠢᠯᠲᠡ ᠶᠢ ᠠᠬᠢᠭᠤᠯᠵᠤ᠂ ᠲᠠᠮᠢᠷᠴᠢᠳ ᠤᠨ ᠤᠷᠤᠯᠳᠤᠭᠠᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠡᠯ᠎ᠡ ᠭᠠᠵᠠᠷ ᠤᠨ ᠫᠢᠩᠫᠠᠩ ᠪᠥᠮᠪᠦᠭᠡ ᠶᠢᠨ ᠳᠤᠷ᠎ᠠ ᠪᠠᠭ᠋ᠠᠲᠠᠶ ᠬᠥᠮᠦᠰ ᠤᠨ ᠬᠤᠭᠤᠷᠣᠨᠳᠣᠬᠢ ᠰᠣᠯᠢᠯᠴᠠᠭ᠎ᠠ ᠶᠢ ᠴᠢᠩᠭᠠᠳᠬᠠᠬᠤ ᠶᠢᠨ ᠲᠥᠯᠥᠭᠡ ᠶᠤᠮ᠃ ᠤᠷᠤᠯᠳᠤᠭᠠᠨ ᠨᠢ ᠬᠥᠬᠡᠬᠤᠲᠠ᠂ ᠪᠤᠭᠤᠲᠤ ᠬᠤᠲᠠ᠂ ᠪᠠᠶᠠᠨᠨᠠᠭᠤᠷ ᠬᠤᠲᠠ᠂ ᠣᠷᠳᠣᠰ ᠬᠤᠲᠠ᠂ ᠦᠬᠠᠶ ᠬᠤᠲᠠ᠂ ᠠᠯᠠᠱᠠ ᠠᠶᠢᠮᠠᠭ ᠵᠡᠷᠭᠡ 6 ᠠᠶᠢᠮᠠᠭ ᠬᠤᠲᠠ ᠶᠢᠨ 16 ᠫᠢᠩᠫᠠᠩ ᠪᠥᠮᠪᠦᠭᠡ ᠶᠢᠨ ᠠᠩᠭᠢ ᠶᠢᠨ 100 ᠭᠠᠷᠤᠶ ᠲᠠᠮᠢᠷᠴᠢᠳ ᠣᠷᠣᠯᠴᠠᠵᠠᠶ᠃      ᠲᠣᠰ ᠬᠤᠭᠤᠴᠠᠭᠠᠨ ᠤ ᠤᠷᠢᠯᠭ᠎ᠠ ᠶᠢᠨ ᠤᠷᠤᠯᠳᠤᠭᠠᠨ ᠢ ᠬᠤᠲᠠ ᠶᠢᠨ ᠪᠡᠶ᠎ᠡ ᠶᠢᠨ ᠲᠠᠮᠢᠷ ᠤᠨ ᠶᠡᠷᠦᠩᠬᠡᠶ ᠡᠪᠯᠡᠯ᠂ ᠬᠤᠲᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠠᠴᠠ ᠭᠤᠤᠯᠯᠠᠨ ᠡᠷᠭᠢᠯᠡᠵᠦ᠂ ᠬᠤᠲᠠ ᠶᠢᠨ ᠳᠤᠭᠤᠶ ᠲᠡᠷᠭᠡᠨ ᠤ ᠲᠠᠮᠢᠷ ᠤᠨ ᠨᠡᠶᠢᠭᠡᠮᠯᠢᠭ ᠠᠴᠠ ᠳᠠᠭᠠᠭᠠᠴᠢᠯᠠᠨ ᠡᠷᠭᠢᠯᠡᠵᠦ᠂ ᠮᠠᠨ ᠤ ᠬᠤᠲᠠ ᠶᠢᠨ 15 ᠳᠤᠭᠤᠢ ᠲᠡᠷᠭᠡᠨ ᠤ ᠠᠶᠠᠯᠠᠯ ᠤᠨ ᠠᠩᠭᠢ ᠶᠢᠨ 200 ᠭᠠᠷᠤᠶ ᠳᠤᠭᠤᠶ ᠤᠨᠤᠬᠤ ᠳᠤ ᠪᠠᠭ᠋ᠠᠲᠠᠶ ᠬᠥᠮᠦᠰ ᠣᠷᠣᠯᠴᠠᠵᠠᠶ᠃ ᠤᠷᠢᠯᠭ᠎ᠠ ᠶᠢᠨ ᠤᠷᠤᠯᠳᠤᠭᠠᠨ ᠨᠢ ᠬᠤᠷᠳᠤᠨ ᠤᠷᠤᠯᠳᠤᠭᠠᠨ ᠪᠠ ᠳᠤᠷ᠎ᠠ ᠰᠣᠨᠢᠷᠬᠠᠯ ᠤᠨ ᠤᠷᠤᠯᠳᠤᠭᠠᠨ ᠭᠡᠵᠦ ᠬᠤᠶᠠᠷ ᠲᠥᠷᠥᠯ ᠬᠤᠪᠢᠶᠠᠵᠤ᠂ ᠬᠤᠷᠳᠤᠴᠠ ᠥᠷᠢᠰᠦᠯᠳᠦᠬᠦ ᠤᠷᠤᠯᠳᠤᠭᠠᠨ ᠳᠤ ᠡᠷᠡᠭᠲᠡᠶ ᠶᠢᠨ ᠬᠤᠪᠢ ᠬᠥᠮᠦᠨ ᠤ ᠬᠤᠷᠳᠤᠴᠠ ᠥᠷᠢᠰᠦᠯᠳᠦᠬᠦ ᠰᠤᠳᠤᠴᠤᠤᠯ ᠤᠨ ᠳᠤᠭᠤᠶᠢᠯᠠᠩ ︵30  ᠺᠢᠯᠣᠮᠧᠲᠷ︶᠂ ᠶᠡᠭᠡ ᠪᠠᠭᠰᠢ ᠶᠢᠨ ᠳᠤᠭᠤᠶᠢᠯᠠᠩ ︵30  ᠺᠢᠯᠣᠮᠧᠲᠷ︶ ᠪᠠ ᠡᠮᠡᠭᠲᠡᠶ ᠶᠢᠨ ᠬᠤᠪᠢ ᠬᠥᠮᠦᠨ ᠤ ᠬᠤᠷᠳᠤᠴᠠ ᠥᠷᠢᠰᠥᠯᠳᠦᠬᠦ ᠳᠤᠭᠤᠶᠢᠯᠠᠩ ︵25  ᠺᠢᠯᠣᠮᠧᠲᠷ︶ 3 ᠳᠤᠭᠤᠶᠢᠯᠠᠩ ᠲᠣᠬᠢᠷᠠᠭᠤᠯᠵᠤ᠂ ᠳᠤᠷ᠎ᠠ ᠰᠣᠨᠢᠷᠬᠠᠯ ᠤᠨ ᠤᠷᠤᠯᠳᠤᠭᠠᠨ ᠳᠤ ᠳᠤᠭᠤᠶ ᠲᠡᠷᠭᠡᠨ ᠤ ᠤᠳᠠᠭᠠᠨ ᠤᠨᠤᠳᠠᠭ ᠰᠣᠨᠢᠷᠬᠠᠯ ᠤᠨ ᠤᠷᠤᠯᠳᠤᠭᠠᠨ᠂ ᠭᠤᠯᠭᠤᠮᠠᠲᠠᠭᠠᠶ ᠰᠣᠨᠢᠷᠬᠠᠯᠲᠠᠶ ᠤᠷᠤᠯᠳᠤᠭᠠᠨ᠂ ᠳᠤᠭᠤᠶ ᠲᠡᠷᠭᠡ ᠪᠠᠷ ᠳᠣᠲᠣᠷ ᠬᠡᠦᠭᠡᠳ ᠤᠨ ᠳᠤᠷ᠎ᠠ ᠰᠣᠨᠢᠷᠬᠠᠯ ᠤᠨ ᠤᠷᠤᠯᠳᠤᠭᠠᠨ᠂ ︽ᠨᠢᠭᠡ ᠲᠣᠭᠤᠷᠢᠭ ᠲᠤ ᠡᠴᠦᠰ ᠲᠤᠨᠢ ᠲᠤᠯᠲᠠᠯ᠎ᠠ ᠬᠢᠬᠦ︾ ᠪᠦᠯᠬᠦᠮ ᠨᠡᠶᠢᠲᠡ ᠶᠢᠨ ᠰᠣᠨᠢᠷᠬᠠᠯ ᠤᠨ ᠤᠷᠤᠯᠳᠤᠭᠠᠨ ᠵᠡᠷᠭᠡ 4 ᠲᠥᠷᠥᠯ ᠵᠦᠢᠯ ᠢ ᠲᠣᠬᠢᠷᠠᠭᠤᠯᠪᠠ᠃ ᠦᠷᠢᠰᠦᠯᠳᠦᠬᠦ ᠪᠠᠷ ᠳᠠᠮᠵᠢᠨ ᠤᠷᠤᠯᠳᠤᠭᠠᠨ ᠤ ᠤᠷᠤᠯᠳᠤᠭᠠᠨ᠂ ᠰᠤᠨᠢᠷᠬᠠᠯᠳᠦ ᠤᠷᠤᠯᠳᠤᠭᠠᠨ ᠤ ᠡᠯ᠎ᠡ ᠲᠤᠭᠤᠶᠢᠯᠠᠩ ᠳᠤ ᠲᠦᠷᠦᠬᠦᠦ ᠵᠢᠷᠭᠤᠭᠠᠨ ᠨᠡᠷ᠎ᠡ ᠱᠠᠩᠨᠠᠯ ᠤᠯᠪᠠ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ