ᠾᠧ ᠸᠧᠢ ᠬᠤᠸᠠ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/29
      9 ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠾᠧ ᠸᠧᠶ ᠬᠤᠸᠠ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ᠂ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠪᠠ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ᠂ 8 ᠰᠠᠷ᠎ᠠ ᠶᠢᠨ 23 ᠤ ᠡᠳᠦᠷ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ᠂ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠨᠢᠭᠲᠠ ᠤᠶᠠᠯᠳᠤᠭᠤᠯᠵᠤ᠂ ᠲᠦᠷᠦ ᠶᠢᠨ ᠪᠤᠳᠤᠯᠭ᠎ᠠ ᠶᠢ ᠳᠠᠭᠠᠬᠤ ᠪᠠ ᠤᠯᠤᠯᠴᠠᠨ ᠵᠣᠯᠭᠠᠭᠤᠯᠬᠤ ᠶᠢ ᠴᠢᠩᠭᠠᠳᠬᠠᠵᠤ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠪᠠᠶᠢᠭᠤᠯᠤᠮᠵᠢ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠳᠤ ᠨᠡᠩ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠣᠷᠣᠯᠴᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠳ᠋ᠧᠩ ᠰᠢᠶᠤᠤ ᠫᠢᠩ ᠨᠥᠬᠦᠷ ᠤᠨ ᠮᠡᠨᠳᠦᠯᠡᠭᠰᠡᠨ 120 ᠵᠢᠯ ᠤᠨ ᠤᠢ ᠶᠢ ᠳᠤᠷᠠᠰᠬᠠᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢᠨ ᠲᠤᠭ ᠢ ᠥᠨᠳᠥᠷ ᠮᠠᠨᠳᠤᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠭᠡ ᠪᠠᠷ ᠬᠠᠮᠠᠭᠠᠯᠠᠬᠤ᠂ ᠶᠡᠭᠡ ᠪᠠᠷ ᠴᠡᠭᠴᠡᠯᠡᠨ ᠰᠠᠶᠢᠵᠢᠷᠠᠭᠤᠯᠬᠤ ᠶᠢ ᠲᠣᠪᠤᠶᠢᠮ᠎ᠠ ᠰᠠᠶᠢᠲᠤᠷ ᠠᠳᠬᠤᠵᠤ᠂ ᠤᠰᠤᠨ ᠤ ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠨ ᠠᠰᠢᠭᠯᠠᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠵᠤ ᠦᠢᠯᠡᠰ ᠤᠨ ᠪᠣᠬᠢᠷᠲᠤᠯ ᠥᠬᠡᠶ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠶ᠃ ᠶᠡᠷᠦᠩᠬᠡᠶ ᠱᠦᠵᠢ ᠰᠢ ᠶᠢᠨ ᠫᠢᠩ ᠤᠨ ᠬᠠᠶᠢᠨᠠᠨ ᠤ ᠭᠤᠸᠠᠩᠳᠦ᠋ᠩ ᠵᠡᠷᠭᠡ ᠭᠠᠵᠠᠷ ᠤᠨ ᠲᠠᠶᠢᠹᠧᠩ ᠰᠠᠯᠬᠢᠨ ᠤ ᠭᠠᠮᠰᠢᠭ ᠤᠨ ᠲᠤᠬᠠᠶ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠨᠠᠮᠤᠷ ᠤᠨ ᠠᠮᠤ ᠪᠤᠳᠠᠭᠠᠨ ᠤ ᠦᠢᠯᠡᠳᠪᠦᠷᠢᠯᠡᠯ ᠢ ᠥᠴᠦᠬᠡᠨ ᠴᠦ ᠰᠤᠯᠠᠷᠠᠭᠤᠯᠤᠯ ᠥᠬᠡᠶ ᠰᠠᠶᠢᠲᠤᠷ ᠠᠳᠬᠤᠵᠤ᠂ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠰᠡᠷᠭᠡᠶᠢᠯᠡᠨ ᠠᠷᠭᠠᠴᠠᠭᠠᠬᠤ ᠶᠢ ᠴᠢᠩᠭᠠᠳᠬᠠᠵᠤ᠂ ᠲᠠᠷᠢᠶᠠᠨ ᠠᠵᠢᠯ ᠤᠨ ᠵᠢᠯᠣᠭᠤᠳᠣᠯᠭ᠎ᠠ ᠪᠠᠨ ᠴᠢᠩᠭᠠᠳᠬᠠᠵᠤ᠂ ᠪᠦᠷᠬᠦᠭ ᠪᠣᠷᠣᠭᠠᠨ ᠲᠠᠢ ᠠᠭᠤᠷ ᠠᠮᠢᠰᠬᠤᠯ ᠢ ᠵᠠᠯᠭᠠᠭ᠎ᠠ ᠪᠠᠷ ᠲᠠᠷᠢᠶᠠᠯᠠᠩ ᠤᠨ ᠬᠤᠬᠢᠷᠠᠯ ᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠪᠠᠷ ᠴᠢᠷᠮᠠᠶᠢᠬᠤ ᠬᠡᠷᠡᠭᠲᠡᠶ᠃ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ ᠬᠦᠷᠢᠶᠡᠨ ᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃      ᠬᠤᠷᠠᠯ ᠠᠴᠠ ᠪᠦᠬᠦ ᠬᠤᠳᠠ ᠶᠢᠨ ᠲᠦᠷᠦᠭᠦᠦ ᠭᠤᠷᠪᠠᠨ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠮᠡᠳᠡᠭᠳᠡᠵᠦ᠂ ︽ᠵᠢᠷᠭᠤᠭᠠᠨ ᠢᠨᠵᠧᠨᠧᠷᠢᠩ︾ ᠢ ᠠᠬᠢᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠣᠨᠣᠰᠴᠤ᠂ ᠬᠠᠷᠠᠯᠲᠠ ᠡᠭᠦᠷᠭᠡ᠂ ᠭᠤᠣᠯᠳᠠᠯᠭ᠎ᠠ ᠲᠠᠢ ᠠᠵᠢᠯ ᠢ ᠴᠢᠩᠭ᠎ᠠ ᠠᠩᠬᠠᠷᠴᠤ᠂ ᠦᠷᠭᠦᠯᠵᠢ ᠲᠣᠬᠢᠷᠠᠭᠤᠯᠤᠨ᠂ ᠠᠬᠢᠴᠠ ᠶᠢ ᠲᠦᠷᠭᠡᠳᠬᠡᠵᠦ᠂ ᠬᠤᠷᠳᠤᠴᠠ ᠶᠢ ᠲᠦᠷᠭᠡᠳᠬᠡᠨ᠂ ᠳᠥᠷᠪᠡᠳᠦᠭᠡᠷ ᠤᠯᠠᠷᠢᠯ ᠳᠤ ᠪᠦᠬᠦ ᠬᠦᠴᠦᠨ ᠢᠶᠠᠷ ᠢᠶᠠᠨ ᠰᠢᠪᠲᠤᠯᠤᠯᠲᠠ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠵᠤ᠂ ᠨᠡᠮᠡᠭᠳᠡᠯ ᠤᠨ ᠡᠬᠢ ᠡᠭᠦᠰᠦᠯ ᠢ ᠦᠷᠭᠦᠯᠵᠢᠯᠡᠨ ᠲᠣᠭᠲᠠᠪᠤᠷᠢᠵᠢᠭᠤᠯᠬᠤ ᠬᠡᠷᠡᠭᠲᠡᠢ᠃ ᠠᠵᠢᠯ ᠣᠯᠭᠤᠯᠲᠠ ᠪᠠᠷ ᠣᠷᠣᠯᠭ᠎ᠠ ᠪᠠᠨ ᠨᠡᠮᠡᠭᠳᠡᠭᠦᠯᠬᠦ᠂ ᠬᠠᠶᠢᠷ᠎ᠠ ᠬᠠᠯᠠᠮᠵᠢ ᠶᠢᠨ ᠢᠨᠵᠧᠨᠧᠷᠢᠩ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ᠂ ᠨᠡᠶᠢᠭᠡᠮ ᠤᠨ ᠠᠮᠤᠷ ᠲᠦᠪᠰᠢᠨ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ ᠵᠡᠷᠭᠡ ᠠᠷᠠᠳ ᠤᠨ ᠠᠮᠢᠳᠤᠷᠠᠯ ᠤᠨ ᠠᠵᠢᠯ ᠢ ᠨᠢᠭᠡ ᠴᠤᠭᠴᠠᠵᠢᠭᠤᠯᠤᠨ ᠠᠬᠢᠭᠤᠯᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠡᠯ᠎ᠡ ᠲᠦᠷᠦᠯ ᠤᠨ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ᠂ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃      ᠬᠤᠷᠠᠯ ᠠᠴᠠ ᠠᠶᠤᠯᠭᠦᠢ ᠦᠢᠯᠡᠳᠪᠦᠷᠢᠯᠡᠯ ᠤᠨ ᠠᠵᠢᠯ ᠢ ᠰᠤᠳᠤᠯᠵᠤ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶ᠎ᠡ ᠪᠣᠯᠤᠨ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠰᠤᠳᠤᠯᠵᠤ᠂ ᠦᠵᠡᠯ ᠰᠠᠨᠠᠭ᠎ᠠ᠂ ᠲᠣᠭᠲᠠᠴᠠ᠂ ᠬᠢᠨᠠᠯᠲᠠ ᠲᠠᠯᠪᠢᠬᠤ ᠲᠠᠯ᠎ᠠ ᠪᠠᠷ ᠨᠢᠭᠡᠳᠦᠯᠲᠡᠢ ᠲᠥᠯᠥᠪᠵᠢᠭᠦᠯᠦᠨ ᠬᠦᠴᠦᠯᠡᠵᠦ᠂ ᠡᠯ᠎ᠡ ᠲᠦᠷᠦᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠶᠠᠷᠰᠢᠭ ᠲᠦᠪᠡᠭᠲᠡᠢ ᠵᠦᠢᠯᠡᠰ ᠢ ︽ᠬᠡᠶᠢᠰᠪᠦᠷᠢ ᠠᠷᠭ᠎ᠠ︾ ᠶᠢ ᠪᠠᠭᠠᠰᠬᠠᠵᠤ᠂ ᠬᠥᠭᠵᠢᠯᠲᠡ ᠶᠢ ᠠᠬᠢᠭᠤᠯᠬᠤ ︽ᠪᠣᠳᠠᠲᠤ ᠠᠮᠵᠢᠯᠲᠠ︾ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠨᠠᠮ ᠤᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠠᠵᠢᠯ ᠢ ᠰᠤᠳᠤᠯᠵᠤ᠂ ︽ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠠᠶᠢᠯᠭᠠᠬᠤ ᠶᠢ ᠠᠬᠢᠭᠤᠯᠬᠤ ᠲᠤᠬᠠᠢ ᠰᠠᠨᠠᠯ︾ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ᠂ ᠰᠤᠷᠭᠠᠨ ᠬᠥᠮᠦᠵᠢᠯ ᠤᠨ ᠰᠢᠰᠲ᠋ᠧᠮ᠂ ᠬᠢᠨᠠᠯᠲᠠ ᠲᠠᠯᠪᠢᠬᠤ ᠰᠢᠰᠲ᠋ᠧᠮ᠂ ᠬᠠᠷᠢᠭᠤᠴᠠᠯᠭ᠎ᠠ ᠶᠢᠨ ᠰᠢᠰᠲ᠋ᠧᠮ ᠢ ᠲᠠᠰᠤᠷᠠᠯᠳᠠ ᠦᠭᠡᠢ ᠪᠦᠷᠢᠨᠰᠢᠬᠦᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠡᠳᠦᠷ ᠲᠤᠳᠤᠮ ᠤᠨ ᠠᠵᠢᠯ ᠳᠤ ᠠᠭᠤᠰᠤᠯᠴᠠᠭᠤᠯᠵᠤ᠂ ᠪᠠᠶᠢᠩᠭᠤ ᠠᠳᠬᠤᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ