ᠾᠧ ᠸᠧᠢ ᠬᠤᠸᠠ ᠰᠢᠶᠦ᠋ᠩ ᠠᠨ ᠰᠢᠨ᠎ᠡ ᠲᠣᠭᠤᠷᠢᠭ ᠲᠤ ᠬᠦᠷᠴᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/9/29
      9 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠾᠧ ᠸᠧᠶ ᠬᠤᠸᠠ ᠤᠷᠢᠳ ᠬᠤᠵᠢᠳ ᠲᠡᠭᠷᠢ ᠶᠢᠨ ᠬᠡᠰᠢᠭᠲᠦ ᠪᠣᠷᠣᠲᠣᠬᠤᠶ ᠶᠢᠨ ᠰᠢᠶᠦ᠋ᠩ ᠠᠨ ᠰᠢᠨ᠎ᠡ ᠲᠣᠭᠤᠷᠢᠭ ᠤᠨ ᠬᠤᠰᠢᠭᠤᠴᠢ ᠳᠡᠯᠭᠡᠭᠦᠷ᠂ ᠰᠢᠶᠦ᠋ᠩ ᠠᠨ ᠲᠥᠯᠥᠪᠵᠢᠭᠦᠯᠭᠡ ᠶᠢᠨ ᠦᠵᠡᠭᠦᠯᠭᠡ ᠶᠢᠨ ᠲᠥᠪ᠂ ᠡᠬᠢᠯᠡᠯᠲᠡ ᠶᠢᠨ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠬᠤᠲᠠ ᠶᠢᠨ ᠬᠤᠭᠤᠷᠣᠨᠳᠣᠬᠢ ᠥᠷᠲᠡᠭᠡ ᠶᠢᠨ ᠳᠣᠭᠢᠷᠠᠭᠤᠯᠤᠨ ᠵᠢᠯᠣᠭᠤᠳᠬᠤ ᠲᠥᠪ ᠂ ᠪᠠᠶ ᠶᠠᠩ ᠳ᠋ᠢᠶᠠᠨ ᠶᠠᠨ ᠤ ᠡᠮᠦᠨ᠎ᠡ ᠳᠠᠯᠠᠩ ᠳᠤ ᠬᠦᠷᠴᠦ᠂ ᠮᠠᠨ ᠤ ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠡᠵᠡᠩᠨᠡᠯᠲᠡ ᠪᠣᠷᠣᠯᠠᠭᠤᠯᠭ᠎ᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠰᠢᠶᠦ᠋ᠩ ᠠᠨ ᠰᠢᠨ᠎ᠡ ᠲᠣᠭᠤᠷᠢᠭ ᠤᠨ ᠪᠣᠬᠢᠷᠲᠤᠯ ᠥᠬᠡᠶ ᠰᠢᠨ᠎ᠡ ᠶᠢ ᠡᠭᠦᠳᠬᠦ ᠬᠥᠭᠵᠢᠯᠲᠡ᠂ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ᠂ ᠠᠮᠢ ᠠᠬᠤᠶ ᠶᠢᠨ ᠬᠠᠮᠠᠭᠠᠯᠠᠯᠲᠠ ᠵᠠᠰᠠᠯᠲᠠ ᠵᠡᠷᠭᠡ ᠲᠠᠯ᠎ᠠ ᠶᠢᠨ ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠨ ᠲᠣᠯᠢᠯᠠᠭᠤᠯᠪᠠ᠃      ᠾᠧ ᠸᠧᠢ ᠬᠤᠸᠠ ᠢᠯᠡᠷᠬᠡᠶᠢᠯᠡᠬᠦ ᠳᠡᠭᠡᠨ᠂ ᠰᠢᠶᠦ᠋ᠩ ᠠᠨ ᠰᠢᠨ᠎ᠡ ᠲᠣᠭᠤᠷᠢᠭ ᠲᠠᠢ ᠵᠣᠯᠭᠠᠭᠤᠯᠤᠨ ᠨᠡᠪᠲᠡᠷᠡᠯᠴᠡᠬᠦ ᠶᠢ ᠤᠯᠠᠮ ᠨᠢᠭᠡ ᠠᠯᠬᠤᠮ ᠴᠢᠩᠭᠠᠳᠬᠠᠵᠤ ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠢ ᠪᠥᠭᠡᠳ ᠪᠣᠳᠠᠲᠠᠢ ᠪᠠᠷ ᠬᠢᠬᠦ ᠪᠣᠯ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢᠨ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠰᠢᠶᠦ᠋ᠩ ᠠᠨ ᠰᠢᠨ᠎ᠡ ᠲᠣᠭᠤᠷᠢᠭ ᠤᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠲᠠᠢ ᠪᠥᠬᠦ ᠲᠠᠯ᠎ᠠ ᠪᠠᠷ ᠵᠣᠯᠭᠠᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠲᠠᠪᠴᠠᠩ ᠪᠠᠶᠢᠭᠤᠯᠵᠤ᠂ ᠦᠢᠯᠡᠴᠢᠯᠡᠭᠡ ᠶᠢ ᠰᠠᠶᠢᠲᠤᠷ ᠠᠳᠬᠤᠨ᠂ ᠬᠠᠭᠤᠷᠠᠶ ᠳᠤ ᠭᠠᠷᠬᠤ ᠶᠢ ᠵᠠᠪᠳᠤᠵᠤ᠂ ᠨᠠᠩ ᠣᠯᠠᠨ ᠪᠣᠬᠢᠷᠳᠤᠯ ᠦᠭᠡᠢ ᠣᠷᠭᠠᠨᠢᠭ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠳᠤ ᠤᠷᠤᠭᠰᠢᠯᠠᠨ ᠳᠠᠪᠰᠢᠬᠤ ᠶᠢ ᠠᠬᠢᠭᠤᠯᠵᠤ᠂ ᠪᠡᠭᠡᠵᠢᠩ ᠲᠢᠶᠠᠨᠵᠢᠨ ᠾᠧᠪᠧᠢ ᠶᠢᠨ ᠭᠠᠵᠠᠷ ᠣᠷᠣᠨ ᠳᠤ ᠨᠠᠩ ᠰᠠᠶᠢᠲᠤᠷ ᠦᠢᠯᠡᠴᠢᠯᠡᠨ ᠪᠠᠲᠤᠯᠠᠬᠤ ᠬᠡᠷᠡᠭᠲᠡᠢ᠃ ᠬᠠᠮᠵᠢᠯᠴᠠᠬᠤ ᠬᠦᠷᠢᠶ᠎ᠡ ᠪᠠᠨ ᠦᠷᠭᠦᠯᠵᠢᠯᠡᠨ ᠥᠷᠭᠡᠳᠬᠡᠵᠦ᠂ ᠠᠮᠢ ᠠᠬᠤᠢ ᠶᠢᠨ ᠵᠠᠰᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠣᠶᠣᠯ ᠵᠤᠭᠠᠴᠠᠯ ᠤᠨ ᠦᠢᠯᠡᠳᠦᠯᠴᠡᠯ᠂ ᠰᠣᠶᠣᠯ ᠢᠷᠭᠡᠨᠰᠢᠯ ᠤᠨ ᠰᠣᠯᠢᠯᠴᠠᠭ᠎ᠠ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠰᠢᠶᠦ᠋ᠩ ᠠᠨ ᠤ ᠰᠢᠨ᠎ᠡ ᠮᠡᠷᠭᠡᠵᠢᠯ ᠰᠢᠨ᠎ᠡ ᠦᠷ᠎ᠡ ᠪᠦᠲᠦᠭᠡᠯ ᠢ ᠢᠳᠡᠪᠬᠢᠲᠡᠢ ᠣᠷᠣᠭᠤᠯᠤᠨ ᠠᠪᠴᠢᠷᠠᠵᠤ᠂ ᠣᠩᠭᠤᠴᠠ ᠵᠢᠭᠡᠯᠡᠨ ᠳᠠᠯᠠᠢ ᠳᠤ ᠭᠠᠷᠴᠤ᠂ ᠱᠠᠳᠤ ᠵᠢᠭᠡᠯᠡᠨ ᠥᠨᠳᠥᠷ ᠲᠤ ᠭᠠᠷᠴᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃      ᠡᠨᠡ ᠵᠢᠯ ᠠᠴᠠ ᠨᠠᠰᠢ᠂ ᠮᠠᠨ ᠤ ᠬᠤᠲᠠ ︽ᠪᠡᠭᠡᠵᠢᠩ ᠳᠤ ᠪᠣᠬᠢᠷᠲᠤᠯ ᠥᠬᠡᠶ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠬᠠᠩᠭᠠᠬᠤ︾ ᠶᠢ ᠴᠢᠬᠤᠯᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠳᠠᠪᠠᠭᠤᠯᠢᠭ ᠳᠠᠯᠳᠠ ᠬᠦᠴᠦᠨ ᠢ ᠭᠦᠨ ᠠᠭᠤᠳᠠᠯᠵᠤ᠂ ᠬᠠᠮᠵᠢᠯᠴᠠᠬᠤ ᠡᠷᠴᠢᠮ ᠢᠶᠠᠨ ᠴᠢᠩᠭᠠᠷᠠᠭᠤᠯᠤᠨ᠂ ᠬᠠᠮᠵᠢᠯᠴᠠᠬᠤ ᠠᠷᠭ᠎ᠠ ᠵᠠᠮ ᠢᠶᠠᠨ ᠥᠷᠭᠡᠳᠬᠡᠵᠦ᠂ ︽ᠪᠡᠭᠡᠵᠢᠩ ᠤᠨ ᠠᠵᠤ ᠠᠬᠤᠶᠢᠯᠠᠯ ᠤᠨ ᠪᠠᠶᠠᠨᠨᠠᠭᠤᠷ ᠤᠨ ᠡᠬᠢ ᠪᠠᠶᠠᠯᠢᠭ᠂ ᠪᠡᠭᠡᠵᠢᠩ ᠤᠨ ᠵᠠᠬ᠎ᠠ ᠳᠡᠯᠭᠡᠭᠦᠷ ᠤᠨ ᠪᠠᠶᠠᠨᠨᠠᠭᠤᠷ ᠤᠨ ᠪᠦᠲᠦᠭᠡᠭᠳᠡᠬᠦᠨ︾ ᠵᠡᠷᠭᠡ ᠬᠠᠮᠲᠤᠷᠠᠯᠴᠠᠭᠠᠨ ᠤ ᠵᠠᠭᠪᠤᠷ ᠢ ᠢᠳᠡᠪᠬᠢᠲᠡᠶ ᠠᠬᠢᠭᠤᠯᠵᠤ᠂ ᠪᠡᠯᠡ ᠮᠥᠩᠭᠦ ᠤᠷᠤᠭᠤᠯᠬᠤ᠂ ᠠᠵᠤ ᠠᠬᠤᠶᠢᠯᠠᠯ ᠡᠯᠰᠡᠬᠦ᠂ ᠦᠵᠡᠰᠬᠦᠯᠡᠩ ᠡᠷᠬᠢᠯᠡᠬᠦ᠂ ᠵᠠᠬ᠎ᠠ ᠳᠡᠯᠭᠡᠭᠦᠷ ᠢ ᠥᠷᠭᠡᠳᠬᠡᠬᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠰᠢᠨ᠎ᠡ ᠦᠷ᠎ᠡ ᠪᠦᠲᠦᠮᠵᠢ ᠤᠯᠪᠠ᠃ 8 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠲᠠ ᠪᠠᠷ ᠢᠶᠠᠨ ︽ᠥᠪᠥᠷ ᠮᠣᠩᠭᠤᠯ ᠤᠨ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠬᠤ︾ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠵᠢᠯᠯᠠᠭ᠎ᠠ ᠳᠤ ᠨᠡᠶᠢᠲᠡ 12 ᠲᠠᠯᠠᠪᠤᠷ ᠣᠷᠣᠯᠴᠠᠵᠤ᠂ ᠲᠥᠪᠡᠳ ᠬᠠᠰᠢ᠂ ᠨᠡᠷᠡᠨ ᠬᠤᠸᠠᠷ ᠤᠨ ᠦᠷ᠎ᠡ᠂ ᠦᠬᠡᠷ ᠬᠤᠨᠢᠨ ᠮᠢᠬ᠎ᠠ᠂ ᠰᠢᠨ᠎ᠡ ᠰᠣᠷᠭᠤᠭ ᠡᠷᠳᠡᠨᠢ ᠰᠢᠰᠢ ᠵᠡᠷᠭᠡ 400 ᠭᠠᠷᠤᠶ ᠵᠦᠢᠯ ᠤᠨ ᠴᠢᠨᠠᠷ ᠰᠠᠶᠢᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠡᠶᠢᠰᠯᠡᠯ ᠤᠨ ᠬᠤᠳᠠᠯᠳᠤᠭᠠᠨ ᠤ ᠬᠡᠲᠦ ᠳᠡᠯᠭᠡᠭᠦᠷ ᠲᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠣᠯᠠᠨ ᠨᠡᠶᠢᠲᠡ ᠶᠢᠨ ᠭᠠᠳᠠᠭᠠᠳᠤ ᠶᠢᠨ ᠬᠥᠮᠥᠷᠭᠡ 3 ᠨᠡᠮᠡᠭᠳᠡᠵᠦ᠂ ᠪᠡᠭᠡᠵᠢᠩ᠂ ᠰᠢᠶᠦ᠋ᠩ ᠠᠨ ᠵᠡᠷᠭᠡ ᠭᠠᠵᠠᠷ ᠲᠤ 9 ᠲᠠᠷᠢᠶᠠᠯᠠᠩ ᠤᠨ ᠪᠦᠲᠦᠭᠡᠭᠳᠡᠬᠦᠨ ᠤ ᠤᠷᠢᠳᠠᠴᠢ ᠬᠥᠮᠥᠷᠭᠡ ᠪᠠᠶᠢᠭᠤᠯᠵᠤ᠂ ᠣᠷᠣᠨ ᠤ ᠭᠠᠳᠠᠨ᠎ᠠ ᠨᠡᠶᠢᠲᠡ 24.68 ᠳ᠋ᠦᠩᠰᠢᠭᠤᠷ ᠲᠥᠭᠦᠷᠢᠭ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠷᠣᠯᠠᠭᠤᠯᠪᠠ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ