ᠪᠥᠬᠦ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠡᠪ ᠵᠠᠩᠰᠢᠯ ᠢ ᠥᠭᠡᠷᠡᠴᠢᠯᠡᠬᠦ ᠭᠤᠤᠯ ᠰᠡᠳᠦᠪᠲᠦ ᠤᠷᠠᠨ ᠰᠠᠶᠢᠬᠠᠨ ᠤ ᠲᠣᠭᠯᠠᠯᠲᠠ ᠶᠠᠪᠤᠭᠳᠠᠪᠠ
ᠨᠡᠶᠢᠲᠡᠯᠡᠭᠰᠡᠨ ᠴᠠᠭ᠄
2024/9/29
      9 ᠰᠠᠷ᠎ᠠ ᠶᠢᠨ 23 ᠤ ᠡᠳᠦᠷ᠂ ᠬᠤᠷᠢᠨ ᠨᠢᠭᠡᠳᠦᠭᠡᠷ ᠬᠤᠭᠤᠴᠠᠭᠠᠨ ᠤ ᠪᠣᠷᠣᠲᠣᠬᠤᠶ ᠶᠢᠨ ᠰᠣᠶᠣᠯ ᠤᠷᠠᠯᠢᠭ ᠤᠨ ᠨᠠᠶᠢᠷ ᠵᠢᠴᠢ ᠬᠤᠶᠠᠳᠤᠭᠠᠷ ᠬᠤᠭᠤᠴᠠᠭᠠᠨ ᠤ ᠪᠣᠷᠣᠲᠣᠬᠤᠶ ᠶᠢᠨ ᠡᠯᠪᠡᠭ ᠬᠤᠷᠢᠶᠠᠯᠲᠠ ᠶᠢᠨ ᠵᠢᠭᠤᠯᠴᠢᠯᠠᠯ ᠤᠨ ᠤᠯᠠᠷᠢᠯ ᠤᠨ ᠰᠢᠷᠢᠰ ᠠᠵᠢᠯᠯᠠᠭ᠎ᠠ - ︽ᠨᠤᠲᠤᠭ ᠤᠨ ᠰᠤᠷᠲᠠᠯ ᠪᠣᠯᠪᠠᠰᠤᠨ ᠲᠦᠮᠡᠨ ᠡᠷᠦᠬᠡ︾ 2024 ᠣᠨ ᠳᠤ ᠪᠥᠬᠦ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠡᠪ ᠵᠠᠩᠰᠢᠯ ᠢ ᠥᠭᠡᠷᠡᠴᠢᠯᠡᠬᠦ ᠭᠤᠤᠯ ᠰᠡᠳᠦᠪᠲᠦ ᠤᠷᠠᠨ ᠰᠠᠶᠢᠬᠠᠨ ᠤ ᠲᠣᠭᠯᠠᠯᠲᠠ ᠯᠢᠨ ᠾᠧ ᠲᠣᠭᠤᠷᠢᠭ ᠤᠨ ᠬᠠᠲᠤᠨ ᠭᠤᠤᠯ ᠤᠨ ᠪᠤᠯᠤᠩ ᠤᠨ ᠶᠠᠪᠠᠭᠠᠨ ᠵᠡᠭᠡᠯᠢ ᠳᠤ ᠶᠠᠪᠤᠭᠳᠠᠪᠠ᠃      ᠲᠣᠭᠯᠠᠯᠲᠠ ᠨᠢ ︽ᠪᠦᠬᠦ ᠤᠯᠤᠰ ᠤᠨ ᠪᠣᠯᠪᠠᠰᠤᠨ ᠲᠣᠰᠬᠤᠨ ᠢ ᠮᠠᠭᠲᠠᠨ ᠰᠠᠶᠢᠰᠢᠶᠠᠶ᠎ᠠ︾ ᠴᠠᠷᠭᠢᠯ ᠬᠤᠯᠪᠣᠭ᠎ᠠ ᠪᠠᠷ ᠬᠥᠰᠢᠭᠡ ᠪᠠᠨ ᠰᠡᠬᠦᠪᠡ᠃ ᠳᠠᠭᠤᠷᠢᠶᠠᠵᠤ ᠪᠣᠯᠬᠤ᠂ ᠳᠡᠯᠭᠡᠷᠡᠭᠦᠯᠬᠦ ᠳᠤ ᠠᠮᠠᠷᠬᠠᠨ ᠬᠡᠪ ᠵᠠᠩᠰᠢᠯ ᠢ ᠥᠭᠡᠷᠡᠴᠢᠯᠡᠭᠰᠡᠨ ᠬᠡᠷᠡᠭ ᠤᠨ ᠵᠢᠱᠢᠶ᠎ᠡ ᠠᠴᠠ ᠬᠤᠶᠠᠷ ᠬᠥᠮᠦᠨ ᠤ ᠲᠠᠶᠢᠰᠠᠨ ᠳᠡᠭᠡᠷ᠎ᠡ ︽ᠴᠡᠯᠡᠭᠡᠷ ᠲᠠᠯ᠎ᠠ ᠬᠠᠶᠢᠷ᠎ᠠ ᠰᠡᠳᠬᠢᠯᠭᠡ ᠥᠷᠬᠦᠯᠵᠢᠯᠡᠨ︾᠂ ︽ᠮᠢᠩᠭᠠᠨ ᠣᠨ ᠤ ᠡᠷᠲᠡᠨ ᠤ ᠵᠢᠶᠦ᠋ᠨ ᠤ ᠰᠢᠨ᠎ᠡ ᠰᠠᠯᠬᠢ︾᠂ ᠱᠤᠭ ᠵᠦᠴᠦᠭᠡ ︽ᠪᠠᠶᠠᠷ ᠤᠨ ᠤᠴᠢᠷ ᠢ ᠰᠢᠨ᠎ᠡ ᠪᠠᠷ ᠬᠢᠨ᠎ᠡ︾᠂ ᠨᠤᠲᠤᠭ ᠤᠨ ᠠᠶᠠᠯᠭᠤ ᠶᠢᠨ ᠦᠵᠡᠭᠳᠡᠯᠲᠦ ᠵᠦᠴᠦᠭᠡ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ︾ ᠵᠡᠷᠭᠡ ᠲᠣᠭᠯᠠᠯᠲᠠ ᠪᠠᠷ ᠳᠠᠮᠵᠢᠨ ᠮᠠᠨ ᠤ ᠬᠤᠲᠠ ᠶᠢᠨ ᠰᠢᠨ᠎ᠡ ᠴᠠᠭ ᠦᠶ᠎ᠡ ᠰᠢᠨ᠎ᠡ ᠬᠥᠳᠡᠭᠡ ᠲᠣᠰᠬᠤᠨ ᠤ ᠪᠣᠯᠪᠠᠰᠤᠨ ᠰᠢᠨ᠎ᠡ ᠳᠦᠷᠰᠦ ᠪᠠᠶᠢᠳᠠᠯ ᠢ ᠪᠥᠬᠦ ᠲᠠᠯ᠎ᠠ ᠪᠠᠷ ᠳᠡᠯᠭᠡᠨ ᠦᠵᠡᠭᠦᠯᠵᠡᠶ᠃ ᠬᠠᠮᠤᠭ ᠰᠡᠭᠦᠯ ᠳᠤ᠂ ᠲᠣᠭᠯᠠᠯᠲᠠ ᠨᠢ ︽ᠦᠨᠳᠦᠰᠦᠲᠡᠨ ᠤ ᠰᠣᠶᠣᠯ ᠢ ᠴᠡᠴᠡᠭᠯᠡᠭᠦᠯᠦᠨ ᠬᠥᠭᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠶ᠎ᠠ︾ ᠭᠡᠬᠦ ᠳᠠᠭᠤᠤ ᠶᠢᠨ ᠳᠤᠮᠳᠠ ᠥᠨᠳᠥᠷᠯᠡᠪᠡ᠃      ᠲᠣᠰ ᠤᠳᠠᠭᠠᠨ ᠤ ᠠᠵᠢᠯᠯᠠᠭ᠎ᠠ ᠶᠢ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠠᠴᠠ ᠭᠤᠤᠯᠯᠠᠨ ᠡᠷᠬᠢᠯᠡᠵᠦ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠤ ᠣᠶᠤᠨ ᠤ ᠪᠣᠯᠪᠠᠰᠤᠨ ᠤ ᠠᠯᠪᠠᠨ ᠭᠡᠷ ᠳᠠᠭᠠᠭᠠᠴᠢᠯᠠᠨ ᠡᠷᠬᠢᠯᠡᠪᠡ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ