︽ᠪᠠᠳᠠᠷᠠᠯᠲᠤ ᠴᠠᠭ ᠤᠨ ᠳᠤᠮᠳᠠᠳᠤ ᠂ ᠦᠵᠡᠰᠬᠦᠯᠡᠩᠲᠦ ᠰᠠᠶᠢᠬᠠᠨ  ᠪᠣᠷᠣᠲᠣᠬᠤᠢ᠂ ᠠᠯᠲᠠᠨ ᠨᠠᠮᠤᠷ ᠢ ᠳᠠᠭᠤᠯᠠᠶ᠎ᠠ︾ ᠤᠷᠠᠨ ᠰᠠᠶᠢᠬᠠᠨ ᠤ ᠲᠣᠭᠯᠠᠯᠲᠠ ᠦᠪᠡᠳᠡᠭᠰᠢ ᠰᠠᠶᠢᠬᠠᠨ ᠶᠠᠪᠤᠭᠳᠠᠪᠠ
ᠨᠡᠶᠢᠲᠡᠯᠡᠭᠰᠡᠨ ᠴᠠᠭ᠄
2024/9/29
      9 ᠰᠠᠷ᠎ᠠ ᠶᠢᠨ 24 ᠤ ᠡᠳᠦᠷ᠂ ᠬᠤᠷᠢᠨ ᠨᠢᠭᠡᠳᠦᠭᠡᠷ ᠬᠤᠭᠤᠴᠠᠭᠠᠨ ᠤ ᠪᠣᠷᠣᠲᠣᠬᠤᠢ ᠶᠢᠨ ᠰᠣᠶᠣᠯ ᠤᠷᠠᠯᠢᠭ ᠤᠨ ᠨᠠᠶᠢᠷ ᠵᠢᠴᠢ ᠬᠤᠶᠠᠳᠤᠭᠠᠷ ᠬᠤᠭᠤᠴᠠᠭᠠᠨ ᠤ ᠪᠣᠷᠣᠲᠣᠬᠤᠢ ᠶᠢᠨ ᠡᠯᠪᠡᠭ ᠬᠤᠷᠢᠶᠠᠯᠲᠠ ᠶᠢᠨ ᠵᠢᠭᠤᠯᠴᠢᠯᠠᠯ ᠤᠨ ᠤᠯᠠᠷᠢᠯ ᠤᠨ ᠰᠢᠷᠢᠰ ᠠᠵᠢᠯᠯᠠᠭ᠎ᠠ -︽ᠪᠠᠳᠠᠷᠠᠯᠲᠤ ᠴᠠᠭ ᠤᠨ ᠳᠤᠮᠳᠠᠳᠤ ᠂ ᠦᠵᠡᠰᠬᠦᠯᠡᠩᠲᠦ ᠰᠠᠶᠢᠬᠠᠨ  ᠪᠣᠷᠣᠲᠣᠬᠤᠢ᠂ ᠠᠯᠲᠠᠨ ᠨᠠᠮᠤᠷ ᠢ ᠳᠠᠭᠤᠯᠠᠶ᠎ᠠ︾  - ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠤᠷᠠᠨ ᠰᠠᠶᠢᠬᠠᠨ ᠤ ᠲᠣᠭᠯᠠᠯᠲᠠ ᠯᠢᠨ ᠾᠧ ᠲᠣᠭᠤᠷᠢᠭ ᠤᠨ ᠬᠠᠲᠤᠨ ᠭᠤᠤᠯ ᠤᠨ ᠪᠤᠯᠤᠩ ᠤᠨ ᠶᠠᠪᠠᠭᠠᠨ ᠵᠡᠭᠡᠯᠢ ᠳᠤ ᠶᠠᠪᠤᠭᠳᠠᠪᠠ᠃      ᠲᠣᠭᠯᠠᠯᠲᠠ ᠨᠢ 4 ᠪᠦᠯᠦᠭ ᠬᠤᠪᠢᠶᠠᠵᠤ᠂ ᠲᠣᠰ ᠲᠣᠰ ︽ᠥᠨᠥᠳᠦᠷ ᠪᠣᠯ ᠲᠠᠨ ᠤ ᠲᠥᠷᠥᠭᠰᠡᠨ ᠡᠳᠦᠷ ᠤᠨ ᠪᠠᠶᠠᠷ ᠮᠥᠨ︾᠂ ︽ᠬᠤᠪᠢᠰᠬᠠᠯ ᠤᠨ ᠭᠡᠷᠡᠯ ᠰᠠᠴᠤᠷᠠᠩᠭᠤᠶ ᠠᠮᠵᠢᠯᠲᠠ ᠶᠢ ᠬᠠᠩᠭᠢᠨᠠᠭᠤᠯᠤᠶ᠎ᠠ︾᠂ ︽ᠬᠦᠰᠡᠯ ᠵᠡᠭᠦᠳᠦ ᠪᠠᠨ ᠲᠡᠷᠭᠡᠯᠰᠢᠭᠦᠯᠵᠦ ᠠᠯᠲᠠᠨ ᠰᠢᠷᠭᠠᠯ ᠢᠷᠡᠭᠡᠳᠦᠶ ᠪᠠᠨ ᠴᠣᠭᠴᠠᠯᠠᠶ᠎ᠠ︾᠂ ᠲᠡᠭᠦᠰᠬᠡᠯ ᠤᠨ ᠳᠠᠭᠤᠤ ︽ᠡᠬᠡ ᠤᠯᠤᠰ ᠢᠶᠠᠨ ᠮᠠᠭᠲᠠᠨ ᠳᠠᠭᠤᠯᠠᠶ᠎ᠠ︾ ᠭᠡᠬᠦ ᠳᠥᠷᠪᠡᠨ ᠪᠦᠯᠦᠭ ᠢᠶᠠᠷ ᠶᠠᠪᠤᠭᠳᠠᠪᠠ᠃ ᠨᠠᠶᠢᠷᠠᠯ ᠳᠠᠭᠤᠤ ︽ᠤᠯᠠᠭᠠᠨ ᠴᠡᠷᠢᠭ ᠢ ᠠᠷᠪᠠᠨ ᠬᠦᠷᠭᠡᠬᠦ︾᠂ ︽ᠳᠡᠯᠡᠬᠡᠢ ᠳ᠋ᠠᠬᠢᠨ ᠤ ᠠᠬ᠎ᠠ ᠳᠡᠭᠦᠦ ᠨᠡᠷ︾᠂ ᠦᠵᠡᠭᠳᠡᠯᠲᠦ ᠲᠣᠭᠯᠠᠯᠲᠠ ︽ᠴᠠᠭ ᠬᠤᠭᠤᠴᠠᠭ᠎ᠠ ᠣᠷᠣᠨ ᠵᠠᠢ ᠶᠢᠨ ᠶᠠᠷᠢᠯᠴᠠᠭ᠎ᠠ︾᠂ ᠪᠥᠵᠢᠭ ︽ᠬᠠᠩᠭᠢᠨᠠᠮ᠎ᠠ ᠨᠠᠶᠢᠷ︾᠂ ᠨᠠᠶᠢᠷᠠᠯ ᠳᠠᠭᠤᠤ ︽ᠬᠠᠷᠢᠯᠴᠠᠨ ᠮᠦᠬᠦᠵᠤ ᠰᠦᠨᠢ ᠶᠢ ᠭᠡᠶᠢᠭᠦᠯᠦᠶ᠎ᠡ︾᠂ ᠪᠥᠵᠢᠭ ︽ᠦᠩᠬᠡ ᠬᠢᠯᠪᠠᠭ᠎ᠠ ᠨᠢ ᠭᠤᠶᠤ ᠪᠤᠯᠠᠢ︾ ᠵᠡᠷᠭᠡ ᠲᠣᠭᠯᠠᠯᠲᠠ ᠶᠢ ᠲᠡᠰ ᠳᠠᠷᠠᠭᠠᠯᠠᠨ ᠲᠣᠭᠯᠠᠪᠠ᠃ ᠬᠠᠮᠤᠭ ᠰᠡᠭᠦᠯ ᠳᠤ᠂ ᠲᠣᠭᠯᠠᠯᠲᠠ ᠨᠢ ︽ᠡᠬᠡ ᠤᠯᠤᠰ ᠢᠶᠠᠨ ᠮᠠᠭᠲᠠᠨ ᠳᠠᠭᠤᠯᠠᠶ᠎ᠠ︾ ᠭᠡᠬᠦ ᠨᠠᠶᠢᠷᠠᠯ ᠳᠠᠭᠤᠤ ᠶᠢᠨ ᠳᠤᠮᠳᠠ ᠥᠨᠳᠥᠷᠯᠡᠪᠡ᠃      ᠲᠣᠰ ᠤᠳᠠᠭᠠᠨ ᠤ ᠠᠵᠢᠯᠯᠠᠭ᠎ᠠ ᠶᠢ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠤᠤᠯᠯᠠᠨ ᠡᠷᠬᠢᠯᠡᠵᠦ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠯᠢᠨ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠠᠭᠠᠭᠠᠴᠢᠯᠠᠨ ᠡᠷᠬᠢᠯᠡᠪᠡ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ