ᠮᠠᠨ ᠤ ᠬᠤᠲᠠ ᠶᠢᠨ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢ ᠲᠡᠭᠡᠭᠡᠵᠦ ᠡᠬᠢᠯᠡᠪᠡ
ᠨᠡᠶᠢᠲᠡᠯᠡᠭᠰᠡᠨ ᠴᠠᠭ᠄
2024/9/29
      ᠬᠤᠲᠠ ᠶᠢᠨ ᠡᠨᠧᠷᠭᠢ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠶᠢᠷ᠎ᠠ ᠳᠤ᠂ ᠮᠠᠨ ᠤ ᠬᠤᠲᠠ ᠶᠢᠨ ᠠᠩᠬᠠᠳᠠᠭᠴᠢ ᠪᠦᠯᠦᠭ ︽ᠬᠠᠯᠠᠭᠤᠨ ᠳᠤᠯᠠᠭᠠᠨ ᠨᠡᠭᠦᠷᠡᠰᠦ︾ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠢ ᠶᠤᠸᠠᠨ ᠨᠡᠭᠦᠷᠡᠰᠦᠨ ᠠᠭᠤᠷᠬᠠᠶ ᠳᠤ ᠲᠡᠷᠭᠡᠨ ᠳᠤ ᠲᠡᠭᠡᠭᠡᠵᠦ᠂ ᠡᠨᠡ ᠨᠢ ᠪᠥᠬᠦ ᠬᠤᠲᠠ ᠶᠢᠨ 2024 ᠣᠨ ᠤ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢ ᠲᠡᠭᠡᠭᠡᠬᠦ ᠠᠵᠢᠯ ᠵᠢᠩᠬᠢᠨᠢ ᠪᠠᠷ ᠡᠬᠢᠯᠡᠭᠰᠡᠨ ᠢ ᠬᠠᠷᠠᠭᠤᠯᠵᠤ ᠪᠠᠶᠢᠨ᠎ᠠ᠃      ᠡᠨᠡ ᠵᠢᠯ ᠮᠠᠨ ᠤ ᠬᠤᠲᠠ ᠶᠢᠨ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠨᠡᠭᠦᠷᠡᠰᠦ ᠶᠢ ᠳ᠋ᠦᠩᠱᠧᠩ ᠲᠣᠭᠤᠷᠢᠭ ᠤᠨ ᠬᠠᠮᠢᠶ᠎ᠠ ᠪᠥᠬᠦᠶ ᠨᠡᠭᠦᠷᠡᠰᠦᠨ ᠠᠭᠤᠷᠬᠠᠶ ᠠᠴᠠ ᠬᠠᠷᠢᠭᠤᠴᠠᠨ ᠬᠠᠩᠭᠠᠵᠤ᠂ ᠵᠢᠯ ᠤᠨ ᠡᠬᠢᠨ ᠳᠤ ᠨᠢᠭᠡᠨᠲᠡ 33 ᠲᠦᠮᠡᠨ ᠲᠣᠨ ᠨᠡᠭᠦᠷᠡᠰᠦᠨ ᠤ ᠢᠷᠡᠯᠲᠡ ᠶᠢ ᠨᠠᠶᠢᠳᠠᠪᠤᠷᠢᠵᠢᠭᠤᠯᠪᠠ᠃ ᠪᠠᠶᠢᠳᠠᠯ ᠢ ᠣᠶᠢᠯᠠᠭᠠᠵᠤ ᠬᠢᠨᠠᠨ ᠬᠠᠷᠭᠤᠭᠤᠯᠤᠭᠰᠠᠨ ᠢᠶᠠᠷ᠂ ᠡᠨᠡ ᠵᠢᠯ ᠮᠠᠯᠴᠢᠨ ᠲᠠᠷᠢᠶᠠᠴᠢᠨ ᠤ ᠨᠡᠭᠦᠷᠡᠰᠦ ᠬᠡᠷᠡᠭᠯᠡᠬᠦ ᠡᠷᠦᠬᠡ ᠶᠢᠨ ᠲᠤᠭ᠎ᠠ ᠨᠡᠶᠢᠲᠡ 120339 ᠡᠷᠦᠬᠡ ᠪᠠᠶᠢᠵᠤ᠂ ᠨᠡᠶᠢᠲᠡ 238217.1 ᠲᠣᠨ ᠨᠡᠭᠦᠷᠡᠰᠦ ᠬᠡᠷᠡᠭᠯᠡᠵᠡᠶ᠃ ᠲᠦᠷᠦᠭᠦᠦ ᠪᠦᠯᠦᠭ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠨᠡᠶᠢᠳᠡ 8 ᠲᠡᠷᠭᠡ 241 ᠲᠣᠨ ᠪᠠᠶᠢᠵᠤ᠂ ᠯᠢᠨ ᠾᠧ ᠲᠣᠭᠤᠷᠢᠭ᠂ ᠬᠠᠩᠭᠢᠨ ᠬᠤᠶᠢᠲᠤ ᠬᠤᠰᠢᠭᠤᠨ ᠳᠤ ᠲᠠᠷᠬᠠᠭᠠᠬᠤ ᠪᠣᠯᠤᠨ᠎ᠠ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ