ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠲᠠᠷᠢᠶᠠᠯᠠᠩ ᠤᠨ ᠮᠠᠰᠢᠨ ᠤ ᠨᠠᠭᠠᠳᠤᠮ ᠤᠨ ᠠᠵᠢᠯᠯᠠᠭ᠎ᠠ ᠯᠢᠨ ᠾᠧ ᠲᠣᠭᠤᠷᠢᠭ ᠲᠤ ᠶᠠᠪᠤᠭᠳᠠᠪᠠ
ᠨᠡᠶᠢᠲᠡᠯᠡᠭᠰᠡᠨ ᠴᠠᠭ᠄
2024/9/29
      9 ᠰᠠᠷ᠎ᠠ ᠶᠢᠨ 25 ᠤ ᠡᠳᠦᠷ᠂ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠲᠠᠷᠢᠶᠠᠯᠠᠩ ᠤᠨ ᠮᠠᠰᠢᠨ ᠤ ᠨᠠᠭᠠᠳᠤᠮ ᠤᠨ ᠠᠵᠢᠯᠯᠠᠭ᠎ᠠ ᠯᠢᠨ ᠾᠧ ᠲᠣᠭᠤᠷᠢᠭ ᠤᠨ ᠴᠧᠩ ᠭᠤᠸᠠᠨ ᠪᠠᠯᠭᠠᠰᠤᠨ ᠤ ᠰᠤᠬᠠᠢ ᠲᠣᠰᠬᠤᠨ ᠳᠤ ᠶᠠᠪᠤᠭᠳᠠᠪᠠ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠶᠢ ᠮᠠᠰᠢᠨ ᠪᠠᠭᠠᠵᠢ ᠶᠢᠨ ᠭᠤᠤᠯ ᠦᠢᠯᠡᠳᠪᠦᠷᠢ ᠶᠢᠨ ᠲᠣᠭᠤᠷᠢᠭ᠂ ᠦᠵᠡᠭᠦᠯᠭᠡ ᠶᠢᠨ ᠲᠣᠭᠤᠷᠢᠭ ᠪᠠ ᠦᠵᠡᠭᠦᠯᠭᠡ ᠶᠢᠨ ᠲᠣᠭᠤᠷᠢᠭ ᠬᠤᠪᠢᠶᠠᠵᠤ᠂ ᠲᠠᠷᠢᠶᠠᠯᠠᠩ ᠤᠨ ᠮᠠᠰᠢᠨ ᠨᠢ ᠭᠤᠤᠯ ᠲᠠᠷᠢᠮᠠᠯ ᠤᠨ ᠲᠠᠷᠢᠶᠠᠯᠠᠬᠤ᠂ ᠳᠠᠷᠢᠬᠤ᠂ ᠬᠤᠷᠢᠶᠠᠬᠤ ᠵᠡᠷᠭᠡ ᠡᠯ᠎ᠡ ᠦᠢᠯᠡᠳᠪᠦᠷᠢᠯᠡᠯ ᠤᠨ ᠭᠤᠭᠴᠤᠭ᠎ᠠ ᠶᠢ ᠬᠠᠮᠤᠷᠴᠠᠶ᠃ ᠤᠯᠤᠰ ᠤᠨ ᠳᠣᠲᠣᠭᠠᠳᠤ ᠶᠢᠨ ᠲᠠᠷᠢᠶᠠᠯᠠᠩ ᠤᠨ ᠮᠠᠰᠢᠨ ᠤ ᠠᠵᠢᠯ ᠲᠥᠷᠥᠯ ᠤᠨ ᠡᠯ᠎ᠡ ᠲᠣᠮᠣ ᠦᠢᠯᠡᠳᠪᠦᠷᠢᠯᠡᠯ ᠤᠨ ᠠᠵᠤ ᠠᠬᠤᠶᠢᠯᠠᠯ᠂ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠲᠠᠷᠢᠶᠠᠯᠠᠩ ᠤᠨ ᠮᠠᠰᠢᠨ ᠤ ᠦᠢᠯᠡᠳᠪᠦᠷᠢᠯᠡᠯ ᠤᠨ ᠭᠦᠢᠯᠭᠡᠭᠡᠨ ᠤ ᠠᠵᠤ ᠠᠬᠤᠶᠢᠯᠠᠯ ᠵᠢᠴᠢ ᠮᠠᠨ ᠤ ᠬᠤᠲᠠ ᠶᠢᠨ ᠲᠠᠷᠢᠶᠠᠯᠠᠩ ᠤᠨ ᠮᠠᠰᠢᠨ ᠦᠢᠯᠡᠳᠪᠦᠷᠢᠯᠡᠵᠦ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠨᠡᠶᠢᠲᠡ 60 ᠭᠠᠷᠤᠶ ᠠᠵᠤ ᠠᠬᠤᠶᠢᠯᠠᠯ ᠣᠷᠣᠯᠴᠠᠵᠤ᠂ 10 ᠭᠠᠷᠤᠶ ᠲᠥᠷᠥᠯ ᠤᠨ ᠠᠵᠢᠯᠯᠠᠬᠤ ᠮᠠᠰᠢᠨ ᠪᠠᠭᠠᠵᠢ᠂ 300 ᠰᠢᠬᠠᠮ ᠮᠠᠰᠢᠨ ᠮᠧᠬᠠᠨᠢᠭ ᠲᠥᠬᠦᠭᠡᠷᠦᠮᠵᠢ ᠶᠢ ᠳᠡᠯᠭᠡᠨ ᠦᠵᠡᠭᠦᠯᠪᠡ᠃      ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠳᠤ᠂ ᠮᠠᠨ ᠤ ᠬᠤᠲᠠ ᠲᠠᠷᠢᠶᠠᠯᠠᠩ ᠤᠨ ᠮᠠᠰᠢᠨᠴᠢᠯᠠᠯᠲᠠ ᠶᠢᠨ ᠪᠥᠬᠦ ᠶᠠᠪᠤᠴᠠ ᠳᠤ ᠪᠥᠬᠦ ᠲᠠᠯ᠎ᠠ ᠶᠢᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠬᠥᠭᠵᠢᠯᠲᠡ ᠶᠢ ᠲᠦᠷᠭᠡᠳᠬᠡᠨ ᠠᠬᠢᠭᠤᠯᠪᠠ᠃ 2023 ᠣᠨ ᠳᠤ᠂ ᠪᠥᠬᠦ ᠬᠤᠲᠠ ᠶᠢᠨ ᠲᠠᠷᠢᠶᠠᠯᠠᠩ ᠤᠨ ᠮᠠᠰᠢᠨ ᠤ ᠶᠡᠷᠦᠩᠬᠡᠶ ᠬᠥᠳᠡᠯᠭᠡᠬᠦ ᠬᠦᠴᠦᠨ 680 ᠲᠦᠮᠡᠨ ᠺᠢᠯᠣᠸᠠᠲ ᠲᠤ ᠬᠦᠷᠴᠦ᠂ 22 ᠲᠦᠮᠡ ᠭᠠᠷᠤᠶ ᠬᠥᠳᠡᠯᠭᠡᠬᠦ ᠬᠦᠴᠦᠨ ᠤ ᠮᠠᠰᠢᠨ ᠮᠧᠬᠠᠨᠢᠭ ᠪᠠ ᠢᠵᠢ ᠪᠥᠷᠢᠳᠦᠭᠰᠡᠨ ᠲᠠᠷᠢᠶᠠᠯᠠᠩ ᠤᠨ ᠮᠠᠰᠢᠨ ᠪᠠᠭᠠᠵᠢ ᠲᠠᠢ ᠪᠠᠶᠢᠵᠤ᠂ ᠲᠠᠷᠢᠮᠠᠯ ᠤᠨ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠣᠷᠮ᠎ᠠ 86.7% ᠳᠤ ᠬᠦᠷᠴᠦ᠂ 5 ᠬᠤᠰᠢᠭᠤ ᠰᠢᠶᠠᠨ ᠲᠣᠭᠤᠷᠢᠭ ᠢ ᠪᠥᠬᠦ ᠤᠯᠤᠰ ᠤᠨ ᠪᠥᠬᠦ ᠶᠠᠪᠤᠴᠠ ᠶᠢᠨ ᠮᠠᠰᠢᠨᠴᠢᠯᠠᠯᠲᠠ ᠶᠢᠨ ᠵᠢᠱᠢᠶ᠎ᠡ ᠦᠵᠡᠭᠦᠯᠬᠦ ᠰᠢᠶᠠᠨ ᠪᠣᠯᠭᠠᠨ ᠡᠭᠦᠳᠦᠨ ᠪᠠᠶᠢᠭᠤᠯᠪᠠ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ