ᠦᠪᠡᠷᠳᠡᠭᠡᠨ ᠵᠠᠰᠠᠬᠤ ᠤᠷᠤᠨ ᠤ ᠠᠵᠤ ᠦᠢᠯᠡᠳᠪᠦᠷᠢ ᠶᠢᠨ ᠪᠤᠬᠢᠷᠳᠤᠯ ᠦᠭᠡᠢ ᠬᠦᠭᠵᠢᠯᠳᠡ ᠶᠢᠨ ᠠᠬᠤᠢ ᠲᠠᠯᠠᠪᠠᠢ ᠶᠢᠨ ᠬᠤᠷᠠᠯ ᠮᠠᠨ ᠤ ᠬᠤᠳᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2024/9/29
      ᠸᠠᠩ ᠶᠢᠨ ᠪᠦᠦ  ᠸᠠᠩ ᡁᠢ ᠫᠢᠩ ᠪᠠᠶᠠᠷ ᠤᠨ ᠦᠭᠡ ᠬᠡᠯᠡᠪᠡ      9 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠪᠣᠬᠢᠷᠲᠤᠯ ᠦᠭᠡᠢ ᠬᠥᠭᠵᠢᠯᠲᠡ ᠶᠢᠨ ᠲᠤᠬᠠᠢ ᠶᠢᠨ ᠲᠠᠯᠠᠪᠠᠢ ᠶᠢᠨ ᠬᠤᠷᠠᠯ ᠮᠠᠨ ᠤ ᠬᠤᠳᠠ ᠳᠤ ᠬᠤᠷᠠᠯᠳᠤᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢᠶᠠᠨ ᠰᠣᠯᠢᠯᠴᠠᠵᠤ᠂ ᠠᠵᠤ ᠦᠢᠯᠡᠳᠪᠦᠷᠢ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠢ ᠳᠡᠯᠭᠡᠷᠡᠭᠦᠯᠵᠦ᠂ ᠪᠦᠬᠦ ᠣᠷᠣᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠳᠤ ᠬᠦᠴᠦᠨ ᠨᠡᠮᠡᠷᠢᠯᠡᠪᠡ᠃      ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠸᠠᠩ ᠶᠢᠨ ᠪᠦᠦ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᡁᠢ ᠫᠢᠩ ᠪᠠᠶᠠᠷ ᠤᠨ ᠦᠭᠡ ᠬᠡᠯᠡᠵᠡᠶ᠃      ᠸᠠᠩ ᠶᠢᠨ ᠪᠦᠦ ᠴᠢᠬᠤᠯᠠᠴᠢᠯᠠᠭᠰᠠᠨ ᠨᠢ᠂ ᠣᠳᠣᠬᠠᠨ ᠳᠤ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠠᠵᠤ ᠠᠬᠤᠶ ᠶᠠᠭ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠂ ᠡᠯ᠎ᠡ ᠱᠠᠲᠤ ᠡᠯ᠎ᠡ ᠭᠠᠵᠠᠷ ᠤᠨ ᠬᠢᠨ ᠠᠵᠤ ᠠᠬᠤᠶ ᠶᠢᠨ ᠲᠣᠭᠲᠠᠭᠤᠨ ᠢᠶᠠᠷ ᠦᠷᠭᠦᠯᠵᠢᠯᠡᠨ ᠨᠡᠮᠡᠭᠳᠡᠬᠦ ᠶᠢ ᠪᠠᠲᠤᠯᠠᠭᠰᠠᠨ ᠤᠷᠢᠲᠠᠯ ᠳᠣᠤᠷ᠎ᠠ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ ᠠᠵᠤ ᠦᠢᠯᠡᠳᠪᠦᠷᠢ ᠶᠢᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠭᠤᠤᠯᠳᠠᠯᠭ᠎ᠠ ᠲᠠᠢ ᠠᠵᠢᠯ ᠢ ᠰᠠᠶᠢᠲᠤᠷ ᠬᠢᠵᠦ᠂ ᠪᠥᠬᠦ ᠣᠷᠣᠨ ᠤ ᠠᠵᠤ ᠦᠢᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠵᠠᠮ ᠢᠶᠠᠷ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ᠃ ᠲᠤᠰ ᠭᠠᠵᠠᠷ ᠣᠷᠣᠨ ᠤ ᠪᠠᠨ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠵᠠᠬ᠎ᠠ ᠳᠡᠯᠭᠡᠭᠦᠷ ᠢ ᠢᠳᠡᠪᠬᠢᠲᠡᠶ ᠪᠠᠷ ᠥᠷᠭᠡᠳᠬᠡᠵᠦ᠂ ᠦᠢᠯᠡᠳᠬᠦᠨ ᠤ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠲᠤᠷᠰᠢᠯᠲᠠ ᠶᠢ ᠥᠷᠨᠢᠭᠦᠯᠦᠨ᠂ ᠪᠣᠬᠢᠷᠲᠤᠯ ᠦᠭᠡᠶ ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠤᠨ ᠲᠣᠨᠣᠭᠯᠠᠯ ᠢ ᠳᠡᠯᠭᠡᠷᠡᠭᠦᠯᠬᠦ ᠬᠡᠷᠡᠭᠲᠡᠶ᠃ ᠪᠣᠬᠢᠷᠲᠤᠯ ᠥᠬᠡᠶ  ᠦᠢᠯᠡᠳᠬᠦ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠤᠯᠲᠠ ᠶᠢ ᠭᠦᠨᠵᠡᠭᠡᠶ ᠥᠷᠨᠢᠭᠦᠯᠵᠦ᠂ ᠪᠣᠬᠢᠷᠲᠤᠯ ᠥᠬᠡᠶ  ᠦᠢᠯᠡᠳᠬᠦ ᠱᠠᠲᠤᠯᠢᠭ ᠪᠤᠶᠢᠵᠢᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠪᠣᠬᠢᠷᠲᠤᠯ ᠥᠬᠡᠶ ᠪᠦᠲᠦᠭᠡᠭᠳᠡᠬᠦᠨ᠂  ᠦᠢᠯᠡᠳᠪᠦᠷᠢ᠂ ᠬᠦᠷᠢᠶᠡᠯᠡᠩ ᠲᠣᠭᠤᠷᠢᠭ᠂ ᠬᠠᠩᠭᠠᠯᠭ᠎ᠠ ᠶᠢᠨ ᠬᠡᠯᠬᠢᠶ᠎ᠡ ᠶᠢᠨ ᠬᠦᠷᠢᠶ᠎ᠡ ᠬᠡᠪᠴᠢᠶ᠎ᠡ ᠪᠠᠨ ᠥᠷᠭᠡᠳᠬᠡᠨ ᠲᠠᠰ ᠳᠡᠪᠰᠢᠭᠦᠯᠬᠦ ᠶᠢ ᠠᠬᠢᠭᠤᠯᠵᠤ᠂ ᠨᠠᠩ ᠣᠯᠠᠨ ᠤᠯᠤᠰ ᠤᠨ ᠲᠠᠰ ᠤᠨ ᠪᠣᠬᠢᠷᠲᠤᠯ ᠥᠬᠡᠶ  ᠦᠢᠯᠡᠳᠬᠦ ᠵᠢᠱᠢᠶ᠎ᠡ ᠦᠵᠡᠭᠦᠯᠬᠦ ᠰᠢᠰᠲ᠋ᠧᠮ ᠢ ᠪᠣᠶ ᠪᠣᠯᠭᠠᠬᠤ ᠬᠡᠷᠡᠭᠲᠡᠶ᠃ ᠬᠡᠪ ᠳᠠᠭᠤᠷᠢᠶᠠᠯ ᠤᠨ ᠲᠦᠪᠰᠢᠨ ᠢ ᠪᠠᠷᠢᠮᠵᠢᠶᠠᠯᠠᠵᠤ᠂ ᠡᠨᠧᠷᠭᠢ ᠠᠷᠪᠢᠯᠠᠬᠤ ᠤᠰᠤ ᠠᠷᠪᠢᠯᠠᠬᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠥᠷᠨᠢᠭᠦᠯᠵᠦ᠂ ᠠᠵᠢᠯ ᠲᠦᠷᠦᠯ ᠤᠨ ᠡᠨᠧᠷᠭᠢ ᠶᠢᠨ ᠠᠰᠢᠭᠯᠠᠮᠵᠢ ᠤᠰᠤᠨ ᠤ ᠦᠷ᠎ᠡ ᠠᠰᠢᠭ ᠢ ᠢᠯᠡᠳᠲᠡ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃      ᠸᠠᠩ ᡁᠢ ᠫᠢᠩ ᠶᠠᠷᠢᠶᠠᠨ ᠳᠤ ᠪᠠᠨ᠂ ᠪᠠᠶᠠᠨᠨᠠᠭᠤᠷ ᠨᠢ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠵᠤ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠰ ᠳᠡᠪᠰᠢᠭᠦᠯᠬᠦ ᠶᠢ ᠲᠦᠷᠭᠡᠳᠬᠡᠵᠦ᠂ ᠣᠨᠴᠠᠯᠢᠭᠲᠤ ᠳᠠᠪᠠᠭᠤᠯᠢᠭ ᠠᠵᠤ ᠦᠢᠯᠡᠰ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠬᠦᠴᠦᠯᠡᠨ ᠪᠤᠵᠠᠭᠠᠶᠢᠷᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ︽ᠬᠤᠶᠠᠷ ᠰᠠᠭᠤᠷᠢᠨ ᠭᠠᠵᠠᠷ᠂ ᠳᠥᠷᠪᠡᠨ ᠪᠦᠯᠦᠭ︾ ᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠵᠤ᠂ ︽ᠨᠢᠭᠡ ᠴᠣᠭᠴᠠ ᠬᠤᠶᠠᠷ ᠵᠢᠭᠦᠷ︾ ᠤᠨ ᠬᠥᠭᠵᠢᠯᠲᠡ ᠶᠢᠨ ᠪᠠᠶᠢᠷᠢᠰᠢᠯ ᠢ ᠢᠳᠡᠪᠬᠢᠲᠡᠢ ᠪᠠᠶᠢᠭᠤᠯᠵᠤ᠂ ᠠᠵᠤ ᠦᠢᠯᠡᠳᠪᠦᠷᠢ ᠶᠢᠨ ᠬᠥᠭᠵᠢᠯᠲᠡ ᠶᠢᠨ ︽ᠨᠣᠭᠤᠭᠠᠨ ᠠᠭᠤᠯᠤᠭᠳᠠᠴᠠ︾ ᠪᠠ ︽ᠰᠢᠨ᠎ᠡ ᠠᠭᠤᠯᠤᠭᠳᠠᠴᠠ︾ ᠶᠢ ᠳᠡᠭᠡᠭᠰᠢᠯᠡᠭᠦᠯᠵᠦ᠂ ᠠᠵᠤ ᠦᠢᠯᠡᠰ ᠤᠨ ᠪᠦᠲᠦᠴᠡ ᠰᠢᠯᠢᠳᠡᠭ᠂ ᠰᠢᠨ᠎ᠡ ᠶᠢ ᠡᠭᠦᠳᠬᠦ ᠴᠢᠳᠠᠪᠤᠷᠢ ᠪᠠᠷ ᠴᠢᠩᠭ᠎ᠠ᠂ ᠠᠮᠢ ᠠᠬᠤᠢ ᠶᠢᠨ ᠰᠠᠭᠤᠷᠢ ᠰᠠᠶᠢᠲᠠᠢ᠂ ᠪᠠᠶᠠᠨᠨᠠᠭᠤᠷ ᠤᠨ ᠣᠨᠴᠠᠯᠢᠭ ᠲᠠᠢ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠵᠠᠮ ᠢᠶᠠᠷ ᠴᠢᠷᠮᠠᠶᠢᠨ ᠵᠠᠮᠨᠠᠨ᠎ᠠ ᠭᠡᠵᠦ ᠢᠯᠡᠳᠬᠡᠪᠡ᠃      ᠬᠤᠷᠠᠯ ᠠᠴᠠ ︽2024 ᠣᠨ ᠤ ᠠᠵᠤ ᠦᠢᠯᠡᠳᠪᠦᠷᠢ ᠶᠢᠨ ᠬᠦᠷᠢᠶᠡᠨ ᠤ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠡᠷᠢᠭᠦᠨ ᠤ ᠮᠡᠷᠭᠡᠵᠢᠯ ᠲᠣᠨᠣᠭᠯᠠᠯ ᠤᠨ ᠦᠢᠯᠡᠳᠬᠦᠨ ᠢ ᠳᠡᠯᠭᠡᠷᠡᠭᠦᠯᠬᠦ ᠨᠡᠷᠡᠰ ᠤᠨ ᠵᠢᠭᠰᠠᠭᠠᠯᠲᠠ︾ ᠶᠢ ᠨᠡᠶᠢᠲᠡᠯᠡᠵᠦ᠂ ᠬᠠᠮᠢᠶ᠎ᠠ ᠪᠦᠬᠦᠢ ᠠᠵᠤ ᠠᠬᠤᠶᠢᠯᠠᠯ ᠪᠣᠯᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠡᠶᠢᠲᠡᠯᠢᠭ ᠲᠤᠷᠰᠢᠯᠭ᠎ᠠ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠤᠨ ᠲᠣᠨᠣᠭᠯᠠᠯ᠂ ᠪᠣᠬᠢᠷᠲᠤᠯ ᠦᠭᠡᠢ ᠮᠥᠩᠭᠦᠨ ᠭᠦᠢᠯᠭᠡᠭᠡᠨ ᠤ ᠦᠢᠯᠡᠳᠬᠦᠨ ᠤ ᠲᠠᠨᠢᠯᠴᠠᠭᠤᠯᠭ᠎ᠠ ᠬᠢᠵᠡᠢ᠃ ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠤᠷᠠᠳ ᠤᠨ ᠬᠤᠶᠢᠲᠤ ᠬᠤᠰᠢᠭᠤ ᠪᠣᠯᠤᠨ ᠪᠠᠶᠠᠨᠨᠠᠭᠤᠷ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠡᠰᠡᠭ ᠠᠵᠤ ᠠᠬᠤᠶᠢᠯᠠᠯ ᠳᠤ ᠭᠦᠨᠵᠡᠭᠡᠶᠢᠷᠡᠨ ᠲᠣᠭᠤᠷᠢᠨ ᠦᠵᠡᠪᠡ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ