ᠸᠠᠩ ᡁᠢ ᠫᠢᠩ ᠪᠦᠬᠦ ᠬᠤᠳᠠ ᠶᠢᠨ ᠰᠣᠶᠣᠯ ᠵᠢᠭᠤᠯᠴᠢᠯᠠᠯ ᠤᠨ ᠠᠵᠢᠯ ᠤᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/29
      9 ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᡁᠢ ᠫᠢᠩ ᠪᠥᠬᠦ ᠬᠤᠲᠠ ᠶᠢᠨ ᠰᠣᠶᠣᠯ ᠵᠢᠭᠤᠯᠴᠢᠯᠠᠯ ᠤᠨ ᠠᠵᠢᠯ ᠤᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠯᠪᠣᠭᠳᠠᠯ ᠪᠥᠬᠦᠶ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠷᠣᠰᠢᠵᠤ ᠪᠠᠶᠢᠭ᠎ᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠪᠠᠶᠢᠷᠢᠯᠠᠭᠤᠯᠪᠠ᠃      ᠬᠤᠷᠠᠯ ᠠᠴᠠ᠂ ᠪᠠᠶᠠᠨᠨᠠᠭᠤᠷ ᠤᠨ ᠲᠡᠦᠬᠡ ᠰᠣᠶᠣᠯ ᠥᠨᠢ ᠤᠳᠠᠭᠠᠨ ᠲᠡᠦᠬᠡ ᠲᠠᠢ᠂ ᠵᠢᠭᠤᠯᠴᠢᠯᠠᠯ ᠤᠨ ᠡᠬᠢ ᠪᠠᠶᠠᠯᠢᠭ ᠡᠯᠪᠡᠭ ᠪᠠᠶᠠᠯᠢᠭ᠂ ᠠᠮᠢ ᠠᠬᠤᠢ ᠶᠢᠨ ᠲᠦᠷᠦᠯ ᠵᠦᠢᠯ ᠤᠯᠠᠨ ᠶᠠᠩᠵᠤ ᠶᠢᠨ ᠪᠠᠶᠢᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠠᠶᠢᠨ ᠰᠠᠶᠢᠬᠠᠨ ᠰᠠᠭᠤᠷᠢ ᠪᠠ ᠥᠷᠭᠡᠨ ᠠᠭᠤᠳᠠᠮ ᠠᠯᠤᠰ ᠢᠷᠡᠭᠡᠳᠦᠢ ᠲᠠᠢ ᠶᠤᠮ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠪᠠ ᠵᠤᠭᠠᠴᠠᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠳᠠ ᠶᠢᠨ ᠰᠣᠶᠣᠯ ᠵᠤᠭᠠᠴᠠᠯ ᠤᠨ ᠡᠬᠢ ᠪᠠᠶᠠᠯᠢᠭ ᠢ ᠴᠢᠨᠠᠭᠰᠢᠳᠠ ᠨᠡᠶᠢᠳᠬᠡᠵᠦ᠂ ᠰᠣᠶᠣᠯ ᠵᠤᠭᠠᠴᠠᠯ ᠤᠨ ᠴᠢᠨᠠᠷ ᠰᠠᠶᠢᠲᠠᠢ ᠬᠥᠭᠵᠢᠯᠲᠡ ᠶᠢᠨ ᠬᠠᠮᠲᠤᠷᠠᠯ ᠤᠨ ᠬᠦᠴᠦᠨ ᠢ ᠲᠥᠪᠯᠡᠷᠡᠭᠦᠯᠵᠦ᠂ ᠪᠠᠶᠠᠨᠨᠠᠭᠤᠷ ᠤᠨ ᠰᠣᠶᠣᠯ ᠤᠨ ᠨᠥᠯᠥᠭᠡᠯᠡᠬᠦ ᠬᠦᠴᠦᠨ᠂ ᠵᠤᠭᠠᠴᠠᠯ ᠤᠨ ᠲᠠᠲᠠᠬᠤ ᠬᠦᠴᠦᠨ᠂ ᠰᠣᠶᠣᠯ ᠵᠤᠭᠠᠴᠠᠯ ᠤᠨ ᠬᠠᠩᠭᠠᠯᠭ᠎ᠠ ᠶᠢᠨ ᠬᠦᠴᠦᠨ ᠪᠣᠯᠤᠨ ᠰᠣᠶᠣᠯ ᠵᠤᠭᠠᠴᠠᠯ ᠤᠨ ᠠᠵᠤ ᠦᠢᠯᠡᠰ ᠤᠨ ᠦᠷᠢᠰᠦᠯᠳᠦᠬᠦ ᠬᠦᠴᠦᠨ ᠢ ᠪᠦᠲᠦᠮᠵᠢᠲᠡᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ᠂ ᠡᠵᠡᠩᠨᠡᠯᠲᠡ ᠶᠢᠨ ᠴᠢᠨᠠᠷᠲᠠᠢ ᠰᠡᠳᠬᠢᠬᠦᠢ ᠶᠢ ᠪᠠᠷᠢᠮᠲᠠᠯᠠᠵᠤ᠂ ᠲᠦᠷᠦᠯ ᠵᠦᠢᠯ ᠢ ᠲᠥᠰᠦᠪᠯᠡᠬᠦ᠂ ᠥᠭᠡᠷᠡᠴᠢᠯᠡᠨ ᠳᠡᠭᠡᠭᠰᠢᠯᠡᠭᠦᠯᠬᠦ᠂ ᠡᠵᠡᠩᠨᠡᠯᠲᠡ ᠬᠠᠮᠢᠶᠠᠷᠤᠯᠲᠠ ᠶᠢ ᠨᠢᠭᠡ ᠴᠤᠬᠴᠠᠵᠢᠭᠤᠯᠤᠨ ᠠᠬᠢᠭᠤᠯᠵᠤ᠂ ᠨᠡᠶᠢᠳᠬᠡᠵᠦ ᠠᠭᠤᠰᠤᠯᠴᠠᠭᠤᠯᠬᠤ ᠪᠠ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠠᠵᠢᠯ ᠢ ᠰᠠᠶᠢᠲᠤᠷ ᠬᠢᠵᠦ᠂ ᠨᠡᠩ ᠤᠯᠠᠨ ᠪᠡᠯᠭᠡ ᠲᠡᠮᠳᠡᠭ ᠤᠨ ᠴᠢᠨᠠᠷᠲᠠᠢ ᠰᠣᠶᠣᠯ ᠵᠢᠭᠤᠯᠴᠢᠯᠠᠯ ᠤᠨ ᠲᠦᠷᠦᠯ ᠵᠦᠢᠯ ᠢ ᠪᠠᠶᠢᠭᠤᠯᠬᠤ ᠬᠡᠷᠡᠭᠲᠡᠢ᠃ ᠵᠤᠭᠠᠴᠠᠭᠰᠠᠳ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠦᠢᠯᠡᠴᠢᠯᠡᠭᠡᠨ ᠤ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠬᠡᠷᠡᠭᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠬᠡᠷᠡᠭᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠬᠡᠷᠡᠭᠯᠡᠭᠡᠨ ᠤ ᠠᠷᠭ᠎ᠠ ᠮᠠᠶ᠋ᠢᠭ ᠲᠤ ᠲᠥᠬᠦᠮ ᠦᠵᠡᠭᠦᠯᠬᠦ᠂ ᠬᠡᠷᠡᠭᠯᠡᠭᠡᠨ ᠤ ᠳᠠᠯᠳᠠ ᠬᠦᠴᠦᠨ ᠢ ᠠᠭᠤᠳᠠᠯᠬᠤ ᠪᠠᠷ ᠳᠠᠮᠵᠢᠭᠤᠯᠤᠨ ᠬᠠᠩᠭᠠᠯᠭ᠎ᠠ ᠬᠡᠷᠡᠭᠴᠡᠭᠡ ᠶᠢ ᠵᠣᠬᠢᠴᠠᠭᠤᠯᠬᠤ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠠᠨ ᠤ ᠬᠤᠲᠠ ᠶᠢᠨ ᠰᠣᠶᠣᠯ ᠵᠤᠭᠠᠴᠠᠯ ᠢ ︽ᠬᠠᠯᠠᠮᠰᠢᠭᠤᠯᠵᠤ︾᠂ ᠬᠥᠮᠦᠰ ᠤᠨ ᠬᠦᠷᠢᠶᠡᠯᠡᠯ ᠢ ︽ᠬᠥᠭᠵᠢᠭᠡᠵᠦ︾᠂ ᠬᠡᠷᠡᠭᠯᠡᠭᠡ ᠶᠢᠨ ︽ᠬᠥᠭᠵᠢᠶᠡᠨᠲᠡᠶ︾ ᠪᠣᠯᠭᠠᠵᠤ᠂ ᠰᠣᠶᠣᠯ ᠵᠤᠭᠠᠴᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠪᠠᠷ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ