ᠡᠨᠡ ᠵᠢᠯ᠂ ᠮᠠᠨ ᠤ ᠬᠤᠲᠠ ᠰᠢᠨ᠎ᠡ ᠨᠢᠭᠡ ᠡᠭᠡᠯᠵᠢ ᠶᠢᠨ ᠠᠵᠢᠯ ᠠᠯᠳᠠᠯᠲᠠ ᠶᠢᠨ ᠳᠠᠭᠠᠳᠬᠠᠯ ᠤᠨ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ 8 ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠬᠤᠲᠠ ᠠᠵᠢᠯ ᠠᠯᠳᠠᠯᠲᠠ ᠶᠢᠨ | ᠳᠠᠭᠠᠳᠬᠠᠯ ᠤᠨ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠠᠯᠠ ᠮᠥᠩᠭᠦ ᠶᠢ ᠨᠡᠶᠢᠲᠡ 4772.61 ᠲᠦᠮᠡᠨ ᠲᠥᠭᠦᠷᠢᠭ | ᠲᠠᠷᠬᠠᠭᠠᠪᠠ᠃ | ᠡᠨᠡ ᠵᠢᠯ ᠠᠴᠠ ᠨᠠᠰᠢ᠂ ᠠᠵᠢᠯ ᠠᠯᠳᠠᠭᠰᠠᠳ ᠤᠨ ᠳᠠᠭᠠᠳᠬᠠᠯ ᠤᠨ ᠠᠮᠢᠳᠤᠷᠠᠯ ᠢ ᠪᠠᠲᠤᠯᠠᠬᠤ᠂ ᠠᠵᠢᠯ ᠠᠯᠳᠠᠯᠲᠠ ᠶᠢ ᠰᠡᠷᠭᠡᠶᠢᠯᠡᠬᠦ᠂ ᠠᠵᠢᠯ ᠣᠯᠭᠤᠯᠲᠠ ᠶᠢ | ᠠᠬᠢᠭᠤᠯᠬᠤ ᠴᠢᠳᠠᠮᠵᠢ ᠪᠠ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠠᠵᠤ ᠠᠬᠤᠶᠢᠯᠠᠯ ᠤᠨ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ | ᠲᠣᠭᠲᠠᠭᠤᠨ ᠪᠠᠶᠢᠯᠭᠠᠬᠤ ᠶᠢ ᠳᠡᠮᠵᠢᠵᠦ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠦᠨᠡᠨ ᠬᠦ ᠰᠠᠶᠢᠲᠤᠷ ᠰᠠᠬᠢᠵᠤ᠂ ᠣᠨᠣᠪᠴᠢᠲᠠᠢ ᠪᠥᠭᠡᠳ ᠪᠠᠲᠤ | ᠰᠠᠬᠢᠵᠤ᠂ ᠬᠤᠲᠠ᠂ ᠬᠤᠰᠢᠭᠤ ᠰᠢᠶᠠᠨ ᠲᠣᠭᠤᠷᠢᠭ ᠬᠤᠶᠠᠷ ᠱᠠᠲᠤᠨ ᠤ ᠠᠵᠢᠯ ᠠᠯᠳᠠᠯᠲᠠ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ | ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠬᠠᠮᠤᠭ ᠤᠨ ᠶᠡᠭᠡ | ᠬᠡᠮᠵᠢᠶ᠎ᠡ ᠪᠠᠷ ᠪᠠᠳᠠᠷᠠᠭᠤᠯᠪᠠ᠃ ᠠᠵᠢᠯ ᠠᠯᠳᠠᠯᠲᠠ ᠶᠢᠨ ᠳᠠᠭᠠᠳᠬᠠᠯ ᠤᠨ ᠵᠠᠷᠤᠳᠠᠯ ᠤᠨ ᠨᠣᠷᠮ᠎ᠠ ᠶᠢ ᠱᠠᠲᠤ ᠦᠶᠡᠴᠢ ᠴᠢᠨᠠᠷᠲᠠᠶ ᠪᠠᠷ ᠪᠠᠭᠤᠷᠠᠭᠤᠯᠬᠤ ᠲᠥᠷᠥ ᠶᠢᠨ | ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠬᠥᠮᠦᠨ ᠬᠡᠷᠡᠭᠯᠡᠬᠦ ᠨᠢᠭᠡᠴᠡ ᠪᠠ ᠬᠤᠪᠢ ᠬᠥᠮᠦᠨ ᠲᠣᠰ ᠲᠣᠰ 0.5% ᠪᠠᠷ ᠬᠡᠷᠡᠭᠵᠢᠭᠦᠯᠦᠨ᠂ 8 ᠳ᠋ᠤᠭᠠᠷ | ᠰᠠᠷ᠎ᠠ ᠶᠢᠨ ᠰᠡᠭᠦᠯᠴᠢ ᠪᠣᠯᠲᠠᠯ᠎ᠠ᠂ ᠠᠵᠢᠯ ᠠᠯᠳᠠᠯᠲᠠ ᠶᠢᠨ ᠳᠠᠭᠠᠳᠬᠠᠯ ᠤᠨ ᠵᠠᠷᠤᠳᠠᠯ ᠤᠨ ᠨᠣᠷᠮ᠎ᠠ ᠶᠢ ᠬᠥᠮᠦᠨ ᠬᠡᠷᠡᠭᠯᠡᠬᠦ ᠨᠢᠭᠡᠴᠡ ᠶᠢᠨ ᠳᠠᠷᠤᠭᠠᠰᠤ ᠶᠢ ᠱᠠᠲᠤᠴᠢ | ᠴᠢᠨᠠᠷᠲᠠᠶ ᠪᠠᠷ 2544.9 ᠲᠦᠮᠡᠨ ᠲᠥᠭᠦᠷᠢᠭ ᠬᠥᠩᠭᠡᠷᠡᠭᠦᠯᠪᠡ᠃ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ | ᠦᠷᠭᠦᠯᠵᠢᠯᠡᠨ ᠬᠡᠷᠡᠭᠵᠢᠭᠦᠯᠵᠦ᠂ ᠨᠡᠶᠢᠲᠡ 1619 ᠬᠥᠮᠦᠨ ᠳᠤ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠨᠥᠬᠦᠪᠥᠷᠢ 251.1 ᠲᠦᠮᠡᠨ ᠲᠥᠭᠦᠷᠢᠭ | ᠲᠠᠷᠬᠠᠭᠠᠪᠠ᠃ ᠠᠵᠢᠯ ᠠᠯᠳᠠᠭᠰᠠᠳ ᠤᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ | ᠬᠡᠷᠡᠭᠵᠢᠭᠦᠯᠵᠦ᠂ ᠨᠡᠶᠢᠲᠡ 1167 ᠠᠵᠤ ᠠᠬᠤᠶᠢᠯᠠᠯ ᠳᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠪᠠᠯᠠ ᠮᠥᠩᠭᠦ 1976.61 ᠲᠦᠮᠡᠨ | ᠲᠥᠭᠦᠷᠢᠭ ᠲᠠᠷᠬᠠᠭᠠᠵᠤ᠂ 4.5 ᠲᠦᠮᠡᠨ ᠠᠵᠢᠯᠲᠠᠨ ᠠᠵᠢᠯᠴᠢᠨ ᠳᠤ ᠠᠰᠢᠭ ᠬᠦᠷᠲᠡᠭᠡᠪᠡ᠃ | |