ᠮᠠᠨ ᠤ ᠬᠤᠲᠠ ︽ᠤᠮᠠᠷᠠᠲᠤ ᠶᠢᠨ ᠭᠤᠷᠪᠠᠨ ᠣᠷᠣᠨ︾  ᠤ ᠢᠨᠵᠧᠨᠧᠷᠢᠩ ᠤᠨ ᠡᠯᠡᠰᠦ ᠶᠢ ᠵᠠᠰᠠᠬᠤ ᠦᠷ᠎ᠡ ᠪᠦᠲᠦᠮᠵᠢ ᠶᠢ ᠪᠥᠬᠦ ᠬᠦᠴᠦᠨ ᠢᠶᠠᠷ ᠢᠶᠠᠨ ᠲᠡᠭᠡᠭᠰᠢᠯᠡᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2024/9/29
      ᠡᠨᠡ ᠵᠢᠯ᠂ ︽ᠤᠮᠠᠷᠠᠲᠤ ᠶᠢᠨ ᠭᠤᠷᠪᠠᠨ ᠣᠷᠣᠨ︾ ᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠲᠦᠯᠬᠢᠨ ᠠᠬᠢᠭᠤᠯᠬᠤ ᠶᠠᠪᠤᠴᠠ ᠳᠤ᠂ ᠮᠠᠨ ᠤ ᠬᠤᠲᠠ ᠦᠷ᠎ᠡ ᠴᠢᠬᠢ᠂ ᠡᠯᠡᠰᠦ ᠳᠠᠷᠤᠬᠤ ᠮᠠᠲ᠋ᠧᠷᠢᠶᠠᠯ᠂ ᠡᠯᠡᠰᠦ ᠶᠢ ᠵᠠᠰᠠᠬᠤ ᠮᠠᠰᠢᠨ ᠵᠡᠷᠭᠡ ︽ᠲᠤᠬᠠᠶ ᠶᠢᠨ ᠭᠠᠵᠠᠷ ᠲᠤᠨᠢ ᠮᠠᠲ᠋ᠧᠷᠢᠶᠠᠯ ᠠᠪᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ ᠡᠯᠡᠰᠦ ᠶᠢ ᠵᠠᠰᠠᠬᠤ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠵᠤ᠂ ᠡᠯᠡᠰᠦ ᠶᠢ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃      ᠡᠨᠡ ᠵᠢᠯ᠂ ᠪᠥᠬᠦ ᠬᠤᠲᠠ ᠶᠢᠨ ᠨᠡᠶᠢᠭᠡᠮᠴᠢᠯᠡᠭᠰᠡᠨ ᠴᠢᠬᠢ ᠪᠤᠶᠢᠵᠢᠭᠤᠯᠬᠤ 30 ᠨᠢᠭᠡᠴᠢ 1765 ᠮᠥ᠂ 12873.02 ᠲᠦᠮᠡᠨ ᠰᠠᠭᠤᠷᠢ᠂ ᠤᠯᠤᠰ ᠤᠨ ᠥᠮᠴᠢᠯᠡᠯᠲᠦ 11 ᠣᠢ ᠰᠢᠭᠤᠢ ᠶᠢᠨ ᠲᠠᠯᠠᠪᠠᠢ 2925 ᠮᠦ᠂ 5527.6 ᠲᠦᠮᠡᠨ ᠰᠠᠭᠤᠷᠢ ᠴᠢᠬᠢ ᠮᠣᠳᠣ ᠪᠤᠶᠢᠵᠢᠭᠤᠯᠵᠤ᠂︽ᠤᠮᠠᠷᠠᠲᠤ ᠶᠢᠨ ᠭᠤᠷᠪᠠᠨ ᠣᠷᠣᠨ ︾ ᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠬᠡᠷᠡᠭᠯᠡᠬᠦ ᠴᠢᠬᠢ ᠶᠢᠨ ᠬᠡᠷᠡᠭᠴᠡᠭᠡ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃ ᠡᠯᠡᠰᠦ ᠳᠠᠷᠤᠬᠤ ᠮᠠᠲ᠋ᠧᠷᠢᠶᠠᠯ ᠤᠨ ᠲᠠᠯ᠎ᠠ ᠪᠠᠷ᠂ ᠭᠤᠷᠪᠠᠳᠠᠬᠢ ᠡᠲᠡᠭᠡᠳ ᠤᠨ ᠺᠣᠮᠫᠠᠨᠢ ᠪᠠᠷ ᠳᠠᠮᠵᠢᠭᠤᠯᠤᠨ ᠪᠤᠭᠤᠳᠠᠶ ᠲᠠᠷᠢᠬᠤ ᠡᠷᠦᠬᠡ ᠶᠢ ᠦᠨ᠎ᠡ ᠲᠥᠯᠥᠪᠦᠷᠢ ᠦᠭᠡᠢ ᠪᠠᠷ ᠬᠠᠪᠰᠤᠷᠴᠤ ᠪᠠᠶᠢᠭᠠᠳ ᠪᠤᠭᠤᠳᠠᠢ ᠡᠪᠡᠰᠦ ᠠᠪᠬᠤ ᠪᠤᠶᠤ ᠰᠢᠭᠤᠳ ᠪᠤᠭᠤᠳᠠᠶ ᠡᠪᠡᠰᠦ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠪᠤᠭᠤᠳᠠᠶ ᠪᠤᠭᠤᠳᠠᠶ ᠡᠪᠡᠰᠦ ᠶᠢ ᠵᠣᠬᠢᠶᠠᠨ ᠪᠠᠶᠢᠭᠤᠯᠤᠨ ᠬᠤᠳᠠᠯᠳᠤᠨ ᠠᠪᠴᠤ᠂ ᠲᠤᠰ ᠭᠠᠵᠠᠷ ᠤᠨ ᠪᠤᠭᠤᠳᠠᠶ ᠡᠪᠡᠰᠦ ᠶᠢ ᠡᠯᠡᠰᠦ ᠳᠠᠷᠤᠬᠤ ᠳᠤ ᠬᠡᠷᠡᠭᠯᠡᠬᠦ ᠬᠡᠷᠡᠭᠲᠡᠶ᠃ ᠣᠳᠣᠬᠠᠨ ᠪᠣᠯᠲᠠᠯ᠎ᠠ᠂ ᠪᠥᠬᠦ ᠬᠤᠲᠠ ᠳᠤ ᠨᠢᠭᠡᠨᠲᠡ 3000 ᠲᠣᠨ ᠪᠤᠭᠤᠳᠠᠶ ᠬᠤᠷᠢᠶᠠᠨ ᠬᠠᠳᠠᠭᠠᠯᠠᠵᠤ᠂ ᠨᠡᠶᠢᠲᠡ ᠲᠣᠨ ᠪᠦᠷᠢ ᠶᠢᠨ ᠥᠪᠡᠷ ᠤᠨ ᠥᠷᠲᠡᠭ ᠨᠢ 750 ᠲᠥᠭᠦᠷᠢᠭ ᠪᠠᠶᠢᠵᠤ᠂ ᠲᠤᠲᠤᠷᠭᠠᠨ ᠡᠪᠡᠰᠦᠨ ᠤ ᠲᠣᠨ ᠪᠦᠷᠢ ᠠᠴᠠ ᠪᠠᠷᠤᠭ 450 ᠲᠥᠭᠦᠷᠢᠭ ᠠᠷᠪᠢᠯᠠᠵᠤ ᠪᠣᠯᠤᠨ᠎ᠠ᠃ ᠡᠯᠡᠰᠦ ᠶᠢ ᠵᠠᠰᠠᠬᠤ ᠮᠠᠰᠢᠨ ᠤ ᠲᠠᠯ᠎ᠠ ᠪᠠᠷ᠂ ᠨᠢᠳᠤᠨᠤᠨ ᠠᠴᠠ ᠨᠠᠰᠢ᠂ ᠮᠠᠨ ᠤ ᠬᠤᠲᠠ ᠡᠯ᠎ᠡ ᠲᠦᠷᠦᠯ ᠤᠨ ᠡᠯᠡᠰᠦ ᠶᠢ ᠪᠠᠭᠠᠰᠬᠠᠬᠤ ᠲᠥᠬᠦᠭᠡᠷᠦᠮᠵᠢ ᠶᠢ 7 ᠵᠦᠢᠯ ᠰᠤᠳᠤᠯᠤᠨ ᠦᠢᠯᠡᠳᠴᠦ᠂ ᠠᠵᠤ ᠠᠬᠤᠶᠢᠯᠠᠯ ᠤᠨ ᠲᠦᠷᠦᠯ ᠵᠦᠢᠯ ᠢ ᠬᠡᠷᠡᠭᠵᠢᠭᠦᠯᠬᠦ ᠶᠠᠪᠤᠴᠠ ᠳᠤ ᠡᠯᠡᠰᠦ ᠶᠢ ᠵᠠᠰᠠᠬᠤ ᠮᠠᠰᠢᠨ ᠢ ᠢᠳᠡᠪᠬᠢᠲᠡᠢ ᠳᠡᠯᠭᠡᠷᠡᠭᠦᠯᠦᠨ ᠬᠡᠷᠡᠭᠯᠡᠬᠦ ᠶᠢ ᠵᠣᠷᠢᠭᠵᠢᠭᠤᠯᠪᠠ᠃ ᠣᠳᠣᠬᠠᠨ ᠳᠤ᠂ ᠪᠥᠬᠦ ᠬᠤᠲᠠ ᠶᠢᠨ ᠡᠯᠡᠰᠦ ᠶᠢ ᠵᠠᠰᠠᠬᠤ ᠮᠠᠰᠢᠨᠴᠢᠯᠠᠯᠲᠠ ᠶᠢᠨ ᠨᠣᠷᠮ᠎ᠠ ᠶᠢ 60% ᠠᠴᠠ ᠳᠡᠭᠡᠭᠰᠢ ᠳᠤ ᠬᠦᠷᠦᠭᠦᠯᠵᠦ᠂ ᠬᠥᠮᠦᠨ ᠤ ᠬᠦᠴᠦ ᠪᠠᠷ ᠡᠯᠡᠰᠦ ᠶᠢ ᠵᠠᠰᠠᠬᠤ ᠤᠯᠠᠮᠵᠢᠯᠠᠯᠲᠤ ᠦᠷ᠎ᠡ ᠪᠦᠲᠦᠮᠵᠢ ᠶᠢ 5 ᠳᠠᠬᠢᠨ ᠠᠴᠠ ᠳᠡᠭᠡᠭᠰᠢ ᠳᠡᠭᠡᠭᠰᠢᠯᠡᠭᠦᠯᠵᠦ᠂ ᠥᠪᠡᠷ ᠤᠨ ᠥᠷᠲᠡᠭ ᠢ 75% ᠪᠠᠷ ᠪᠠᠭᠤᠷᠠᠭᠤᠯᠪᠠ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ