ᠣᠶᠢᠷ᠎ᠠ ᠳᠤ᠂ ᠮᠠᠨ ᠤ ᠬᠤᠲᠠ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ ᠰᠢᠯᠵᠢᠭᠦᠯᠦᠨ ᠲᠡᠭᠡᠭᠡᠪᠦᠷᠢᠯᠡᠬᠦ ᠠᠵᠢᠯ ᠢ ᠠᠬᠢᠭᠤᠯᠵᠤ᠂ ᠮᠠᠯᠴᠢᠨ | ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠬᠡᠷᠡᠭᠴᠡᠭᠡ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃ | ᠣᠶᠢᠯᠠᠭᠠᠭᠰᠠᠨ ᠢᠶᠠᠷ᠂ ᠡᠨᠡ ᠵᠢᠯ᠂ ᠮᠠᠨ ᠤ ᠬᠤᠲᠠ ᠰᠡᠳᠬᠢᠯ ᠢ ᠳᠤᠯᠠᠭᠠᠴᠠᠭᠤᠯᠬᠤ ᠨᠡᠭᠦᠷᠡᠰᠦ ᠲᠠᠢ ᠬᠤᠯᠪᠣᠭᠳᠠᠭᠰᠠᠨ ᠮᠠᠯᠴᠢᠨ ᠲᠠᠷᠢᠶᠠᠴᠢᠨ ᠡᠷᠦᠬᠡ ᠶᠢᠨ | ᠲᠤᠭ᠎ᠠ ᠨᠡᠶᠢᠲᠡ 120339 ᠡᠷᠦᠬᠡ ᠪᠠᠶᠢᠵᠤ᠂ ᠨᠡᠶᠢᠲᠡ 238217.1 ᠲᠣᠨ ᠨᠡᠭᠦᠷᠡᠰᠦ ᠬᠡᠷᠡᠭᠯᠡᠨ᠎ᠡ᠃ ᠡᠭᠦᠨ ᠳᠤ ᠯᠢᠨ ᠾᠧ ᠲᠣᠭᠤᠷᠢᠭ ᠤᠨ 18629 | ᠡᠷᠦᠬᠡ ᠪᠠᠶᠢᠵᠤ᠂ ᠨᠡᠭᠦᠷᠡᠰᠦ ᠬᠡᠷᠡᠭᠯᠡᠭᠰᠡᠨ ᠬᠡᠮᠵᠢᠶ᠎ᠡ 35309.1 ᠲᠣᠨ︔ ᠤᠷᠠᠳ ᠤᠨ ᠡᠮᠦᠨᠡᠲᠦ ᠬᠤᠰᠢᠭᠤᠨ ᠤ 19103 ᠡᠷᠦᠬᠡ ᠪᠠᠶᠢᠵᠤ᠂ ᠨᠡᠭᠦᠷᠡᠰᠦ | ᠬᠡᠷᠡᠭᠯᠡᠭᠰᠡᠨ ᠬᠡᠮᠵᠢᠶ᠎ᠡ 37020 ᠲᠣᠨ︔ ᠤᠷᠠᠳ ᠤᠨ ᠳᠤᠮᠳᠠᠳᠤ ᠬᠤᠰᠢᠭᠤᠨ ᠤ 12401 ᠡᠷᠦᠬᠡ᠂ ᠨᠡᠭᠦᠷᠡᠰᠦ ᠬᠡᠷᠡᠭᠯᠡᠭᠰᠡᠨ ᠬᠡᠮᠵᠢᠶ᠎ᠡ 26275 ᠲᠣᠨ︔ | ᠤᠷᠠᠳ ᠤᠨ ᠳᠤᠮᠳᠠᠳᠤ ᠬᠤᠰᠢᠭᠤᠨ ᠤ 3092 ᠡᠷᠦᠬᠡ᠂ ᠨᠡᠭᠦᠷᠡᠰᠦ ᠬᠡᠷᠡᠭᠯᠡᠭᠰᠡᠨ ᠬᠡᠮᠵᠢᠶ᠎ᠡ 6174 ᠲᠣᠨ︔ ᠬᠠᠩᠭᠢᠨ ᠬᠤᠶᠢᠲᠤ ᠬᠤᠰᠢᠭᠤᠨ ᠤ 27018 | ᠡᠷᠦᠬᠡ᠂ ᠨᠡᠭᠦᠷᠡᠰᠦ ᠬᠡᠷᠡᠭᠯᠡᠭᠰᠡᠨ ᠬᠡᠮᠵᠢᠶ᠎ᠡ 54036 ᠲᠣᠨ ᠪᠠᠶᠢᠨ᠎ᠠ︔ ᠳ᠋ᠧᠩᠺᠸᠦ ᠰᠢᠶᠠᠨ ᠤ 7321 ᠡᠷᠦᠬᠡ ᠪᠠᠶᠢᠵᠤ᠂ ᠬᠡᠷᠡᠭᠯᠡᠬᠦ ᠨᠡᠭᠦᠷᠡᠰᠦᠨ ᠤ ᠬᠡᠮᠵᠢᠶ᠎ᠡ | 14820 ᠲᠣᠨ ᠪᠠᠶᠢᠨ᠎ᠠ︔ ᠦᠶᠤᠸᠠᠨ ᠰᠢᠶᠠᠨ ᠤ 32775 ᠡᠷᠦᠬᠡ ᠪᠠᠶᠢᠵᠤ᠂ ᠬᠡᠷᠡᠭᠯᠡᠬᠦ ᠨᠡᠭᠦᠷᠡᠰᠦᠨ ᠤ ᠬᠡᠮᠵᠢᠶ᠎ᠡ 64583 ᠲᠣᠨ ᠪᠣᠯᠤᠨ᠎ᠠ᠃ ᠡᠨᠡ ᠵᠢᠯ ᠤᠨ | ︽ᠰᠡᠳᠭᠢᠯ ᠢ ᠳᠤᠯᠠᠭᠠᠴᠠᠭ ᠤᠯᠬᠤ ᠨᠡᠭᠦᠷᠡᠰᠦ︾ ᠶᠢᠨ ᠢᠯᠴᠢ ᠶᠢ 4200 ᠺᠢᠯᠣᠺᠠᠯᠤᠷᠢ ᠠᠴᠠ ᠳᠣᠣᠷ᠎ᠠ ᠦᠭᠡᠢ ᠪᠠᠶᠢᠯᠭᠠᠵᠤ᠂ ᠦᠨ᠎ᠡ ᠬᠠᠩᠰᠢ ᠨᠢ | ᠨᠢᠳᠤᠨᠤᠨ ᠤ ᠬᠢ ᠲᠠᠢ ᠲᠡᠩᠴᠡᠭᠦᠦ ᠪᠠᠢᠵᠤ᠂ ᠣᠳᠣᠬᠠᠨ ᠳᠤ ︽ᠰᠡᠳᠭᠢᠯ ᠢ ᠳᠤᠯᠠᠭᠠᠴᠠᠭ ᠤᠯᠬᠤ ᠨᠡᠭᠦᠷᠡᠰᠦ︾ ᠶᠠᠭ ᠪᠦᠬᠦ ᠬᠦᠴᠦ ᠪᠠᠷ ᠢᠶᠠᠨ ᠰᠢᠯᠵᠢᠭᠦᠯᠵᠦ | ᠪᠠᠶᠢᠨ᠎ᠠ ᠃ | ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠠᠩᠭᠠᠯᠭ᠎ᠠ ᠶᠢᠨ ᠬᠡᠯᠬᠢᠶ᠎ᠡ ᠶᠢᠨ ᠡᠯ᠎ᠡ ᠭᠤᠭᠴᠤᠭ᠎ᠠ ᠶᠢ | ᠰᠢᠮᠳᠠᠭᠤᠯᠵᠤ᠂ ᠮᠥᠷᠳᠡᠨ ᠳᠣᠭᠢᠷᠠᠭᠤᠯᠬᠤ᠂ ᠵᠣᠬᠢᠴᠠᠭᠤᠯᠤᠨ ᠦᠢᠯᠡᠴᠢᠯᠡᠬᠦ᠂ ᠵᠣᠬᠢᠶᠠᠨ ᠪᠠᠶᠢᠭᠤᠯᠵᠤ ᠬᠠᠩᠭᠠᠯᠭ᠎ᠠ ᠶᠢ ᠪᠠᠲᠤᠯᠠᠬᠤ ᠵᠡᠷᠭᠡ ᠡᠯ᠎ᠡ ᠵᠦᠢᠯ ᠤᠨ | ᠠᠵᠢᠯ ᠢᠶᠠᠨ ᠴᠢᠩᠭᠠᠳᠬᠠᠵᠤ᠂ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ ᠰᠢᠯᠵᠢᠭᠦᠯᠦᠨ ᠲᠡᠭᠡᠭᠡᠪᠦᠷᠢᠯᠡᠬᠦ ᠶᠢ ᠪᠣᠳᠠᠲᠠᠶᠢᠵᠢᠭᠤᠯᠬᠤ ᠶᠢ ᠪᠥᠬᠦ | ᠬᠦᠴᠦᠨ ᠢᠶᠠᠷ ᠢᠶᠠᠨ ᠪᠠᠲᠤᠯᠠᠵᠤ᠂ ᠮᠠᠯᠴᠢᠨ ᠲᠠᠷᠢᠶᠠᠴᠢᠨ ᠢ ᠳᠤᠯᠠᠭᠠᠨ ᠪᠦᠯᠢᠶᠡᠨ ᠡᠪᠦᠯᠵᠢᠭᠦᠯᠦᠨ᠎ᠡ᠃ | |