8 ᠰᠠᠷ᠎ᠠ ᠶᠢᠨ 19 ᠤ ᠡᠳᠦᠷ᠂ ᠤᠷᠠᠳ ᠤᠨ ᠡᠮᠦᠨᠡᠲᠦ ᠬᠤᠰᠢᠭᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠠᠯᠪᠠᠨ ᠬᠡᠷ ᠤᠨ | ᠬᠤᠷᠠᠯ ᠬᠤᠷᠠᠯᠳᠣᠪᠠ᠃ | ᠬᠤᠷᠠᠯ ᠠᠴᠠ ︽ᠤᠷᠠᠳ ᠤᠨ ᠡᠮᠦᠨᠡᠲᠦ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠠᠯᠪᠠᠨ ᠬᠡᠷ ᠤᠨ | ᠪᠦᠷᠢᠯᠳᠦᠬᠦᠨ ᠳᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ︾ ᠤᠨ ᠲᠤᠬᠠᠶ ᠲᠠᠶᠢᠯᠤᠮᠵᠢ ᠬᠢᠵᠦ᠂ ᠬᠤᠰᠢᠭᠤᠨ ᠤ ᠤᠳᠤᠷᠢᠳᠤᠯᠭ᠎ᠠ ᠵᠧᠩ ᠺᠧ᠂ ᠼᠤᠤ | ᠳ᠋ᠦᠩ ᠠᠴᠠ ᠬᠤᠯᠪᠣᠭᠳᠠᠯ ᠪᠥᠬᠦᠶ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠠᠯᠪᠠᠨ ᠬᠡᠷ ᠨᠢ ︽ ᠪᠣᠳᠠᠲᠤ | ᠴᠣᠭᠴᠠ ᠶᠢᠨ ᠠᠵᠢᠯᠯᠠᠭᠠᠨ᠂ ᠵᠣᠬᠢᠴᠠᠯᠳᠤᠨ ᠬᠤᠯᠪᠣᠭᠠᠯᠠᠨ ᠬᠥᠳᠡᠯᠦᠯᠴᠡᠬᠦ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠭᠡᠬᠦ᠂ ᠨᠢᠭᠲᠠ ᠬᠠᠮᠵᠢᠯᠴᠠᠬᠤ︾ | ᠠᠷᠪᠠᠨ ᠵᠢᠷᠭᠤᠭᠠᠨ ᠦᠰᠦᠭ ᠤᠨ ᠴᠢᠭᠯᠡᠯᠲᠡ ᠶᠢ ᠪᠠᠷᠢᠮᠲᠠᠯᠠᠵᠤ᠂ ︽ᠬᠤᠶᠠᠷ ᠠᠯᠪᠠᠨ ᠭᠡᠷ︾ ᠤᠨ ᠰᠢᠯᠢᠳᠡᠭ ᠬᠦᠴᠦᠨ ᠢ ᠲᠠᠲᠠᠵᠤ᠂ ︽ ᠨᠢᠭᠡ ᠨᠠᠷᠢᠨ ᠲᠠᠩᠰᠠ᠂ | ᠨᠢᠭᠡ ᠪᠠᠷᠢᠮᠵᠢᠶ᠎ᠠ᠂ ᠨᠢᠭᠡᠳᠦᠯᠲᠡᠢ᠂ ᠡᠴᠦᠰ ᠲᠤᠨᠢ ᠲᠤᠯᠲᠠᠯ᠎ᠠ ᠬᠢᠬᠦ︾ ᠠᠵᠢᠯ ᠤᠨ ᠱᠠᠭᠠᠷᠳᠠᠯᠭ᠎ᠠ ᠶᠣᠰᠣᠭᠠᠷ᠂ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠰᠢᠪᠠᠳᠠᠨ | ᠪᠠᠶᠢᠴᠠᠭᠠᠵᠤ ᠠᠬᠢᠭᠤᠯᠤᠨ᠂ ᠵᠠᠷᠯᠠᠨ ᠮᠡᠳᠡᠭᠳᠡᠵᠦ ᠰᠤᠳᠤᠯᠤᠨ ᠮᠠᠭᠠᠳᠯᠠᠵᠤ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠪᠥᠬᠦ | ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶᠡᠨ ᠳᠠᠬᠢ ᠠᠵᠢᠯ ᠤᠨ ᠡᠭᠦᠷᠭᠡ ᠶᠢ ᠪᠥᠬᠦ ᠲᠠᠯ᠎ᠠ ᠪᠠᠷ ᠲᠣᠭᠤᠰᠢᠯᠠᠭᠤᠯᠤᠨ | ᠨᠠᠶᠢᠳᠠᠪᠤᠷᠢᠵᠢᠭᠤᠯᠵᠤ᠂ ᠦᠵᠡᠰᠬᠦᠯᠡᠩᠲᠦ ᠰᠠᠶᠢᠬᠠᠨ ᠤᠷᠠᠳ ᠤᠨ ᠡᠮᠦᠨᠡᠲᠦ ᠬᠤᠰᠢᠭᠤ ᠶᠢ ᠴᠢᠷᠮᠠᠶᠢᠨ ᠪᠠᠶᠢᠭᠤᠯᠬᠤ ᠬᠡᠷᠡᠭᠲᠡᠶ ᠬᠡᠪᠡ᠃ | ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯᠵᠢᠬᠤ ᠲᠠᠯᠠᠪᠠᠶ᠂ ᠬᠤᠰᠢᠭᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠵᠢᠴᠢ | ᠡᠯ᠎ᠡ ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃ | |