8 ᠰᠠᠷ᠎ᠠ ᠶᠢᠨ 28 ᠤ ᠡᠳᠦᠷ᠂ ᠲᠠᠷᠢᠶᠠᠴᠢᠨ ᠤ ᠡᠳᠦᠷ ᠤᠨ ᠰᠣᠨᠢᠨ ᠤ 7 ᠳ᠋ᠤᠭᠠᠷ ᠨᠢᠭᠤᠷ ᠲᠤ ᠤᠷᠠᠳ ᠤᠨ ᠬᠤᠶᠢᠳᠤ ᠬᠤᠰᠢᠭᠤᠨ ᠤ ᠡᠬᠡ ᠪᠢᠴᠢᠭ ︽ | ᠥᠪᠥᠷ ᠮᠣᠩᠭᠤᠯ ᠤᠨ ᠤᠷᠠᠳ ᠤᠨ ᠬᠤᠶᠢᠲᠤ ᠬᠤᠰᠢᠭᠤ᠄ ᠤᠨᠴᠠᠯᠢᠬᠳᠤ ᠵᠢᠮᠢᠰ ᠨᠣᠭᠤᠭ᠎ᠠ ᠶᠢ ᠬᠥᠭᠵᠢᠭᠦᠯᠵᠦ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠤᠶ᠎ᠠ︾ | ᠭᠡᠬᠦ ᠡᠬᠡ ᠪᠢᠴᠢᠭ ᠢ ᠨᠡᠶᠢᠲᠡᠯᠡᠵᠦ᠂ ᠲᠤᠰ ᠬᠤᠰᠢᠭᠤᠨ ᠤ ᠠᠵᠠ ᠲᠣᠬᠢᠶᠠᠯ ᠢ ᠠᠮᠵᠢᠨ᠂ ᠵᠠᠬ᠎ᠠ ᠳᠡᠯᠭᠡᠭᠦᠷ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ | ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ ᠶᠡᠭᠡ ᠪᠠᠷ ᠳᠥᠯᠭᠢᠨ ᠠᠬᠢᠭᠤᠯᠵᠤ᠂ ᠬᠠᠮᠢ ᠬᠡᠮᠬᠡ᠂ ᠪᠸᠢ ᠪᠸᠢ ᠯᠠᠩᠭᠤᠸᠠ᠂ ᠮᠥᠭᠦ ᠵᠡᠷᠭᠡ ᠪᠠᠷ | ᠭᠤᠤᠯ ᠪᠣᠯᠭᠠᠭᠰᠠᠨ ᠭᠤᠸ᠎ᠠ ᠵᠢᠮᠢᠰ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠣᠳᠣᠬᠢᠴᠢᠯᠠᠯᠲᠠ᠂ ᠣᠨᠴᠠᠯᠢᠬᠵᠢᠯᠲᠡ᠂ ᠨᠠᠷᠠᠲᠤ ᠲᠡᠮᠳᠡᠭᠵᠢᠯᠲᠡ ᠶᠢᠨ | ᠬᠥᠭᠵᠢᠯᠲᠡ ᠶᠢᠨ ᠦᠷ᠎ᠡ ᠪᠦᠲᠦᠮᠵᠢ ᠶᠢ ᠮᠠᠰᠢ ᠢᠯᠡᠳᠲᠡ ᠪᠤᠯᠭᠠᠭᠰᠠᠨ ᠬᠠᠮᠢᠶ᠎ᠠ ᠪᠥᠬᠦᠶ ᠪᠠᠶᠢᠳᠠᠯ ᠢ ᠮᠡᠳᠡᠭᠦᠯᠪᠡ᠃ | ᠦᠪᠤᠷ ᠮᠣᠩᠭᠤᠯ ᠤᠨ ᠦᠪᠠᠷᠳᠠᠬᠡᠠ ᠵᠠᠰᠠᠬᠤ ᠤᠷᠣᠠ ᠤ ᠤᠷᠠᠳ ᠤᠨ ᠬᠤᠶᠢᠳᠤ ᠬᠤᠰᠢᠭᠤᠨ ᠤ ᠬᠦᠬᠡᠨ᠋ᠦ᠋ᠠᠳᠤᠷ ᠪᠠᠯᠭᠠᠰᠤᠨ ᠤ ᠭᠤᠸᠠᠩ ᠯᠢᠨ ᠲᠤᠰᠬᠤᠨ ᠤ | 120 ᠮᠦ ᠬᠥᠯᠡᠮᠵᠢ ᠶᠢᠨ ᠫᠧᠩ ᠳᠣᠲᠣᠷ᠎ᠠ᠂ ᠭᠤᠸ᠎ᠠ ᠵᠢᠮᠢᠰ ᠤᠨ ᠠᠩᠬᠢᠯᠤᠮ᠎ᠠ ᠦᠨᠤᠷ ᠬᠠᠩᠬᠤᠯᠤᠨ ᠬᠦᠮᠤᠰ ᠤᠨ ᠰᠡᠳᠭᠢᠯ ᠢ ᠪᠠᠶᠠᠰᠬᠠᠨ᠎ᠠ᠃ ᠲᠣᠮᠣ ᠫᠧᠩ ᠠᠴᠠ | ᠳᠡᠮᠡᠢ ᠬᠤᠯᠠ ᠦᠭᠡᠢ ᠢᠯᠭᠠᠨ ᠬᠤᠪᠢᠶᠠᠬᠤ ᠦᠢᠯᠡᠳᠪᠦᠷᠢ ᠶᠢᠨ ᠲᠠᠰᠤᠭ ᠤᠨ ᠳᠠᠮᠵᠢᠭᠤᠯᠬᠤ ᠪᠦᠰᠡ ᠳᠡᠭᠡᠷᠡᠬᠢ ᠶᠡᠭᠡ ᠪᠠᠭ᠎ᠠ᠂ ᠬᠦᠨᠳᠤ ᠬᠦᠩᠬᠡᠨ ᠨᠢ ᠲᠠᠩᠴᠡᠭᠰᠠᠨ | ᠰᠢᠯᠢᠳᠡᠭ ᠴᠢᠨᠡᠷᠯᠢᠭ᠋ ᠭᠤᠧᠠ ᠵᠢᠮᠢᠰ ᠢ ᠠᠵᠢᠯᠴᠢᠳ ᠨᠢᠭᠡᠳᠦᠯᠲᠡᠶ ᠪᠤᠭᠤᠳᠠᠯᠯᠠᠨ ᠶᠠᠭᠠᠷᠠᠯᠳᠤᠨ᠎ᠠ᠃ ︽ᠡᠨᠡ ᠵᠢᠯ ᠬᠠᠮᠢ ᠬᠡᠮᠬᠡ ᠶᠢᠨ ᠤᠨᠠᠯᠲᠠ ᠨᠡᠯᠢᠶᠡᠳ ᠰᠠᠶᠢᠨ | ᠪᠠᠶᠢᠵᠤ᠂ ᠮᠥ ᠪᠦᠷᠢ ᠶᠢᠨ ᠳᠤᠮᠳᠠᠴᠢ ᠤᠨᠠᠯᠲᠠ 8000 ᠵᠢᠩ ᠣᠷᠴᠢᠮ ᠪᠠᠶᠢᠵᠤ᠂ ᠣᠳᠣᠬᠠᠨ ᠤ ᠵᠠᠬ᠎ᠠ ᠳᠡᠯᠭᠡᠭᠦᠷ ᠤᠨ ᠦᠨ᠎ᠡ ᠪᠠᠷ ᠵᠢᠩ ᠪᠦᠷᠢ 4 | ᠲᠥᠭᠦᠷᠢᠭ ᠢᠶᠠᠷ ᠪᠤᠳᠤᠪᠠᠯ᠂ ᠠᠰᠢᠭ ᠣᠷᠣᠯᠭ᠎ᠠ ᠨᠢ ᠮᠠᠰᠢ ᠰᠠᠶᠢᠨ ᠶᠤᠮ᠃ ᠡᠨᠡ ᠵᠢᠯ ᠮᠠᠨ ᠤ ᠭᠤᠸᠠᠩ ᠯᠢᠨ ᠲᠣᠰᠬᠤᠨ ᠪᠣᠯᠤᠨ ᠵᠢᠮᠢᠰ ᠤᠨ ᠬᠤᠯᠪᠣᠭᠠᠲᠤ ᠠᠵᠤ | ᠠᠬᠤᠶᠢᠯᠠᠯ ᠬᠠᠮᠲᠤᠷᠠᠯᠴᠠᠵᠤ᠂ ᠬᠦᠯᠡᠮᠵᠢ ᠶᠢ ᠠᠵᠤ ᠠᠬᠤᠶᠢᠯᠠᠯ ᠳᠤ ᠳᠠᠭᠠᠭᠠᠴᠢᠯᠠᠭᠤᠯᠵᠤ᠂ ᠬᠦᠯᠡᠮᠵᠢ ᠶᠢᠨ ᠲᠦᠷᠢᠶᠡᠰᠦᠨ ᠮᠥᠩᠭᠦ ᠨᠢ 7000 ᠲᠥᠭᠦᠷᠢᠭ᠂ ᠤᠳᠤ | ᠲᠣᠰᠬᠤᠨ ᠳᠤ ᠨᠡᠶᠢᠲᠡ 79 ᠬᠦᠯᠡᠮᠵᠢ᠂ ᠨᠢᠭᠡ ᠵᠢᠯ ᠳᠤ ᠲᠣᠰᠬᠤᠨ ᠤ ᠬᠠᠮᠲᠤ ᠨᠡᠶᠢᠲᠡ ᠳᠤ 50 ᠲᠦᠮᠡᠨ ᠲᠥᠭᠦᠷᠢᠭ ᠢ ᠳᠠᠪᠠᠭᠰᠠᠨ ᠲᠦᠷᠢᠶᠡᠰᠦᠨ ᠮᠥᠩᠭᠦ ᠶᠢᠨ | ᠣᠷᠣᠯᠭ᠎ᠠ ᠶᠢ ᠠᠪᠴᠢᠷᠠᠵᠤ ᠥᠭᠭᠦᠨ᠎ᠡ︾ ᠬᠡᠵᠤ ᠭᠤᠧᠠᠩ ᠯᠢᠨ ᠲᠣᠰᠬᠤᠨ ᠤ ᠨᠠᠮ ᠤᠨ ᠡᠭᠦᠷ ᠤᠨ ᠱᠦᠵᠢ ᠶᠠᠩ ᠰᠢᠤᠢ ᠬᠡᠯᠡᠪᠡ᠃ | ᠬᠠᠮᠢ ᠬᠡᠮᠬᠡ ᠶᠢᠨ ᠠᠵᠤ ᠦᠢᠯᠡᠰ ᠤᠨ ᠬᠥᠭᠵᠢᠯᠲᠡ ᠨᠢ ᠪᠠᠰᠠ ᠡᠷᠬᠢᠨ ᠲᠣᠭᠤᠷᠢᠨ ᠤ ᠲᠣᠰᠬᠤᠨ ᠤ ᠠᠷᠠᠳ ᠲᠤ ᠴᠥᠭᠡᠨ ᠪᠤᠰᠤ ᠠᠵᠢᠯ ᠤᠨ ᠪᠠᠶᠢᠷᠢ | ᠬᠠᠩᠭᠠᠵᠤ᠂ ᠳᠠᠷᠢᠬᠤ᠂ ᠲᠠᠬᠦᠵᠤ ᠬᠤᠷᠢᠶᠠᠬᠤ᠂ ᠢᠯᠭᠠᠬᠤ ᠵᠡᠷᠭᠡ ᠡᠯ᠎ᠡ ᠭᠤᠭᠴᠤᠭ᠎ᠠ ᠳᠤ ᠭᠤᠴᠢᠭᠠᠳ ᠠᠵᠢᠯᠴᠢᠨ ᠬᠡᠷᠡᠭᠯᠠᠬᠦ ᠪᠠᠷ ᠪᠠᠶᠢᠵᠤ᠂ ᠠᠵᠢᠯᠴᠢᠨ ᠡᠳᠦᠷ | ᠪᠦᠷᠢ ᠶᠢᠨ ᠳᠤᠮᠳᠠᠴᠢ ᠴᠠᠯᠢᠩ ᠨᠢ 180 ᠲᠥᠭᠦᠷᠢᠭ ᠲᠤ ᠬᠦᠷᠴᠦ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠵᠠᠮ ᠢ ᠤᠯᠠᠮ ᠨᠢᠭᠡ | ᠠᠯᠬᠤᠮ ᠥᠷᠭᠡᠳᠬᠡᠪᠡ᠃ | ᠠᠳᠠᠯᠢᠬᠠᠨ ᠦᠯᠢᠭᠡᠷ ᠪᠠᠰᠠ ᠤᠷᠠᠳ ᠤᠨ ᠬᠤᠶᠢᠲᠤ ᠬᠤᠰᠢᠭᠤᠨ ᠤ ᠤᠦ ᠶᠢᠨ ᠭᠤᠤᠯ ᠰᠤᠮᠤᠨ ᠳᠤ ᠡᠭᠦᠰᠪᠡ᠃ ᠣᠶᠢᠷ᠎ᠠ ᠳᠤ᠂ ᠤᠦ ᠶᠢᠨ ᠭᠤᠤᠯ | ᠰᠤᠮᠤᠨ ᠤ ᠪᠠᠶᠠᠨᠨᠠᠭᠤᠷ ᠭᠠᠴᠠᠭ᠎ᠠ ᠶᠢᠨ ᠲᠠᠷᠢᠭᠰᠠᠨ ᠪᠸᠢ ᠪᠸᠢ ᠯᠠᠩᠭᠤᠸᠠ ᠡᠯᠪᠡᠭ ᠬᠤᠷᠢᠶᠠᠯᠲᠠ ᠣᠯᠵᠤ᠂ ᠰᠤᠮᠤᠨ ᠤ ᠳᠠᠭᠠᠭᠠᠴᠢᠯᠠᠭᠰᠠᠨ ᠠᠩᠭᠢ ᠶᠢᠨ ᠤᠳᠤᠷᠢᠳᠬᠤ | ᠺᠠᠳ᠋ᠷ᠂ ᠭᠠᠴᠠᠭᠠᠨ ᠤ ︽ᠬᠤᠶᠠᠷ ᠵᠥᠪᠯᠡᠯ︾᠂ ᠲᠣᠰᠬᠤᠨ ᠤ ᠠᠷᠠᠳ ᠡᠷᠴᠢ ᠵᠣᠷᠢᠭ ᠲᠡᠭᠦᠯᠳᠡᠷ ᠪᠠᠶᠢᠵᠤ᠂ ᠪᠤᠯᠪᠠᠰᠤᠷᠠᠵᠤ ᠬᠦᠢᠴᠡᠭᠰᠠᠨ ᠪᠸᠢ ᠪᠸᠢ ᠯᠠᠩᠭᠤᠸᠠ ᠪᠠᠨ | ᠬᠤᠷᠢᠶᠠᠵᠤ᠂ ᠤᠭᠤᠲᠠᠨ ᠳᠤ ᠰᠠᠪᠠᠯᠠᠵᠤ᠂ ᠪᠣᠭᠤᠳᠠᠯᠯᠠᠵᠤ᠂ ᠲᠡᠷᠭᠡᠨ ᠳᠤ ᠵᠦᠬᠡᠬᠡᠵᠤ᠂ ᠲᠤᠬᠠᠢ ᠶᠢᠨ ᠲᠠᠯᠠᠪᠠᠢ ᠳᠤ ᠬᠦᠷ ᠬᠥᠭᠵᠢᠶᠡᠨ ᠢᠶᠠᠷ ᠪᠢᠯᠬᠠᠨ᠎ᠠ᠃ ︽ᠡᠨᠡ | ᠵᠢᠯ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠳᠣᠤᠷ᠎ᠠ᠂ ᠪᠢᠳᠡ ᠭᠠᠴᠠᠭᠠᠨ ᠤ 50 ᠭᠠᠷᠤᠶ ᠮᠥ ᠰᠤᠯᠠ ᠪᠠᠶᠢᠬᠤ ᠭᠠᠵᠠᠷ | ᠰᠢᠷᠣᠶ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠠᠰᠢᠭᠯᠠᠨ ᠪᠸᠢ ᠪᠸᠢ ᠯᠠᠩᠭᠤᠸᠠ ᠶᠢ ᠳᠠᠷᠢᠵᠤ᠂ ᠮᠥ ᠪᠦᠷᠢ ᠶᠢᠨ ᠤᠨᠠᠯᠲᠠ 3200 ᠵᠢᠩ ᠳᠤ ᠬᠦᠷᠴᠦ᠂ | ᠭᠠᠴᠠᠭᠠᠨ ᠤ ᠣᠷᠣᠯᠭ᠎ᠠ ᠶᠢ 24 ᠲᠦᠮᠡᠨ ᠲᠥᠭᠦᠷᠢᠭ ᠨᠡᠮᠡᠭᠳᠡᠭᠦᠯᠵᠦ ᠪᠣᠯᠤᠨ᠎ᠠ᠃ ᠵᠢᠵᠢᠭ ᠪᠧᠢ ᠪᠧᠢ ᠯᠠᠩᠭᠤᠸᠠ ᠨᠢ ᠭᠠᠴᠠᠭᠠᠨ ᠤ ᠬᠠᠮᠲᠤ ᠶᠢᠨ ᠠᠵᠤ ᠠᠬᠤᠢ ᠶᠢ | ᠪᠤᠵᠠᠭᠠᠶᠢᠷᠠᠭᠤᠯᠬᠤ ︿ᠠᠯᠲᠠᠨ ᠪᠤᠯᠳᠤᠷ﹀ ᠭᠡᠵᠦ ᠬᠡᠯᠡᠵᠦ ᠪᠣᠯᠤᠨ᠎ᠠ︾᠃ ᠪᠠᠶᠠᠠᠨᠠᠭᠤᠷ ᠭᠠᠴᠠᠭᠠᠨ ᠤ ᠨᠠᠮ ᠤᠨ ᠡᠭᠦᠷ ᠤᠨ ᠱᠦ᠋ᠵᠢ ᠰᠤᠶᠤᠯᠪᠭᠠᠳᠤᠷ | ᠲᠠᠨᠢᠯᠴᠠᠭᠤᠯᠤᠨ᠎ᠠ᠃ | ᠪᠸᠢ ᠪᠸᠢ ᠯᠠᠩᠭᠤᠸᠠ ᠶᠢᠨ ᠲᠠᠷᠢᠮᠠᠯ ᠨᠢ ︽ᠰᠤᠯᠠ ᠭᠠᠵᠠᠷ︾ ᠢ ᠠᠮᠢᠯᠠᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠤᠭᠰᠠᠨ ᠢᠶᠠᠷ | ᠪᠠᠷᠠᠬᠤ ᠦᠭᠡᠢ ᠪᠠᠰᠠ ᠡᠷᠬᠢᠨ ᠲᠣᠭᠤᠷᠢᠨ ᠤ ᠬᠡᠳᠦᠨ ᠵᠠᠭᠤᠨ ᠲᠣᠰᠬᠤᠨ ᠤ ᠠᠷᠠᠳ ᠤᠨ ᠬᠥᠯᠥᠰᠥᠨ ᠠᠵᠢᠯ ᠬᠢᠵᠦ᠂ ᠬᠥᠳᠡᠭᠡ ᠲᠣᠰᠬᠤᠨ ᠤ ᠰᠤᠯᠠ ᠰᠠᠯᠠᠬᠦᠤ | ᠬᠥᠳᠡᠯᠮᠦᠷᠢ ᠬᠦᠴᠦᠨ ᠢ ᠭᠡᠷ ᠤᠨ ᠢᠶᠠᠨ ᠡᠭᠦᠳᠡᠨ ᠳᠤ ᠠᠵᠢᠯ ᠤᠯᠬᠤ ᠶᠢ ᠪᠡᠶᠡᠯᠡᠭᠦᠯᠵᠦ᠂ ᠲᠣᠰᠬᠤᠨ ᠤ ᠠᠷᠠᠳ ᠤᠨ ᠠᠵᠤ ᠠᠬᠤᠢ ᠶᠢᠨ ᠣᠷᠣᠯᠭ᠎ᠠ ᠶᠢ | ᠨᠡᠮᠡᠭᠳᠠᠬᠦᠯᠦᠭᠰᠠᠨ ᠪᠠᠶᠢᠨ᠎ᠠ᠃ ︽ᠪᠢᠳᠡ ᠣᠳᠣ ᠭᠡᠷ ᠤᠨ ᠡᠭᠦᠳᠡᠨ ᠳᠤ ᠬᠥᠯᠥᠰᠥᠨ ᠠᠵᠢᠯ ᠬᠢᠵᠦ ᠵᠣᠭᠤᠰ ᠣᠯᠵᠤ ᠪᠠᠶᠢᠨ᠎ᠠ᠂ ᠡᠨᠡ ᠬᠦ ᠤᠨᠴᠠᠯᠢᠬᠳᠤ ᠲᠠᠷᠢᠮᠠᠯ ᠤᠨ | ᠬᠦᠭᠵᠢᠬᠦᠯᠤᠯᠳᠠ ᠠᠴᠠ ᠠᠪᠴᠢᠷᠠᠭᠰᠠᠨ ᠠᠰᠢᠭ ᠢ ᠦᠨᠡᠨ ᠬᠦ ᠡᠳ᠋ᠯᠡᠵᠦ ᠪᠠᠶᠢᠨ᠎ᠠ᠂ ᠡᠳᠡᠭᠡᠷ ᠪᠸᠢ ᠪᠸᠢ ᠯᠠᠩᠭᠤᠧᠠ ᠪᠣᠯ ᠮᠠᠨ ᠤ ᠲᠠᠷᠢᠶᠠᠴᠢᠨ ᠤ ᠰᠡᠳᠬᠢᠯ ᠤᠨ ︿ | ᠪᠠᠶᠠᠵᠢᠯ ᠤᠨ ᠬᠡᠮᠬᠡ﹀ ᠮᠥᠨ︾ ᠬᠡᠵᠤ ᠤᠦ ᠶᠢᠨ ᠭᠤᠤᠯ ᠰᠤᠮᠤᠨ ᠤ ᠪᠠᠶᠠᠨᠨᠠᠭᠤᠷ ᠭᠠᠴᠠᠭᠠᠨ ᠤ ᠠᠷᠠᠳ ᠴᠧᠨ ᠰᠢᠶᠤᠤ ᠭᠠᠩ ᠪᠠᠶᠠᠷᠳᠠᠶᠢᠬᠠᠨ ᠶᠠᠷᠢᠨ᠎ᠠ᠃ | ᠤᠶᠢᠷ᠎ᠠ ᠶᠢᠨ ᠵᠢᠯ ᠤᠳ ᠲᠤ᠂ ᠤᠷᠠᠳ ᠤᠨ ᠬᠤᠶᠢᠲᠤ ᠬᠤᠰᠢᠭᠤ ᠠᠵᠠ ᠲᠣᠬᠢᠶᠠᠯ ᠢ ᠠᠮᠵᠢᠨ᠂ ᠵᠠᠬ᠎ᠠ ᠳᠡᠯᠭᠡᠭᠦᠷ ᠲᠠᠢ ᠰᠠᠨᠠᠭᠠᠴᠢᠯᠠᠭ᠎ᠠ ᠠᠴᠠ ᠪᠠᠨ | ᠵᠣᠯᠭᠠᠭᠤᠯᠵᠤ᠂ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ ᠶᠡᠬᠡᠪᠡᠷ ᠠᠬᠢᠭᠤᠯᠵᠤ᠂ ᠬᠠᠮᠢ ᠬᠡᠮᠬᠡ᠂ ᠪᠸᠢ ᠪᠧᠢ ᠯᠠᠩᠭᠤᠸᠠ᠂ ᠮᠥᠭᠦ | ᠵᠡᠷᠭᠡ ᠪᠠᠷ ᠭᠤᠤᠯ ᠪᠣᠯᠭᠠᠭᠰᠠᠨ ᠭᠤᠸ᠎ᠠ ᠵᠢᠮᠢᠰ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠣᠳᠣᠬᠢᠴᠢᠯᠠᠯᠲᠠ᠂ ᠣᠨᠴᠠᠯᠢᠭᠵᠢᠯᠲᠠ᠂ ᠨᠠᠷᠠᠲᠤ ᠲᠡᠮᠳᠡᠭᠵᠢᠯᠳᠠ ᠶᠢ | ᠦᠷᠭᠦᠯᠵᠢᠯᠡᠨ ᠠᠬᠢᠭᠤᠯᠵᠤ ᠪᠠᠶᠢᠨ᠎ᠠ᠃ | | | |