ᠤᠷᠠᠳ ᠤᠨ ᠬᠤᠶᠢᠲᠤ ᠬᠤᠰᠢᠭᠤ ᠾᠧᠪᠧᠶ ᠶᠢᠨ ᠪᠦᠳᠤᠬᠡᠨ ᠪᠠᠶᠢᠭᠤᠯᠤᠯᠳᠠ ᠶᠢᠨ ᠪᠡᠯᠨ ᠤᠷᠤᠭᠤᠯᠤᠯᠳᠠ ᠶᠢᠨ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠲᠠᠢ ᠲᠥᠷᠥᠯ ᠵᠦᠢᠯ ᠤᠨ ᠭᠡᠷ᠎ᠡ ᠲᠣᠭᠲᠠᠬᠤ ᠶᠤᠰᠤᠯᠠᠯ ᠶᠠᠪᠤᠬᠳᠠᠪᠠ
ᠨᠡᠶᠢᠲᠡᠯᠡᠭᠰᠡᠨ ᠴᠠᠭ᠄
2024/9/5
      8 ᠰᠠᠷ᠎ᠠ ᠶᠢᠨ 24 ᠤ ᠡᠳᠦᠷ᠂ ᠤᠷᠠᠳ ᠤᠨ ᠬᠤᠶᠢᠲᠤ ᠬᠤᠰᠢᠭᠤ ᠾᠧᠪᠧᠢ ᠶᠢᠨ ᠪᠦᠳᠤᠬᠡᠨ ᠪᠠᠶᠢᠭᠤᠯᠤᠯᠳᠠ ᠶᠢᠨ ᠪᠡᠯᠨ ᠤᠷᠤᠭᠤᠯᠤᠯᠳᠠ ᠶᠢᠨ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠵᠤ ᠤᠰᠤᠲᠥ᠋ᠷᠥᠭᠴᠢ ᠶᠢ ᠦᠢᠯᠡᠳᠬᠦ ᠨᠡᠶᠢᠯᠡᠯᠭᠡ ᠰᠢᠪᠲᠦᠷ ᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠤᠨ ᠭᠡᠷ᠎ᠡ ᠲᠣᠭᠲᠠᠬᠤ ᠶᠣᠰᠣᠯᠠᠯ ᠾᠧᠪᠸᠢ ᠮᠤᠵᠢ ᠶᠢᠨ ᠱᠢ ᠵᠢᠶᠠ ᠵᠤᠸᠠᠩ ᠬᠤᠲᠠ ᠳᠤ ᠶᠠᠪᠤᠭᠳᠠᠪᠠ᠃      ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠡᠷᠬᠢᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠠᠨ ᠰᠢᠶᠤᠤ ᠶᠦᠨ᠂ ᠾᠧᠪᠧᠶ ᠶᠢᠨ ᠪᠦᠳᠤᠬᠡᠨ ᠪᠠᠶᠢᠭᠤᠯᠤᠯᠳᠠ ᠶᠢᠨ ᠪᠡᠯᠨ ᠤᠷᠤᠭᠤᠯᠤᠯᠳᠠ ᠶᠢᠨ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠪᠠᠶᠢᠩᠭᠤ ᠶᠢᠨ ᠳᠡᠳ᠋ ᠶᠡᠷᠦᠩᠬᠡᠶ ᠳᠠᠭᠠᠭᠠᠮᠠᠯ ᠭᠦᠸᠧ ᠶᠠᠨ ᠰᠢᠶᠦ᠋ᠨ ᠣᠷᠣᠯᠴᠠᠵᠠᠶ᠃ ᠭᠡᠷ᠎ᠡ ᠲᠣᠭᠲᠠᠬᠤ ᠶᠣᠰᠣᠯᠠᠯ ᠳᠡᠭᠡᠷ᠎ᠡ᠂ ᠡᠷᠬᠢᠨ ᠤᠷᠠᠳ ᠤᠨ ᠬᠤᠶᠢᠲᠤ ᠬᠤᠰᠢᠭᠤᠨ ᠤ ᠪᠠᠯᠠ ᠣᠷᠣᠭᠤᠯᠤᠯᠲᠠ ᠶᠢᠨ ᠣᠷᠴᠢᠨ ᠲᠣᠭᠤᠷᠢᠨ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠠ ᠬᠥᠭᠵᠢᠯᠲᠡ ᠶᠢᠨ ᠳᠠᠪᠠᠭᠤᠯᠢᠭ ᠢᠶᠠᠨ ᠨᠠᠷᠢᠨ ᠲᠠᠨᠢᠯᠴᠠᠭᠤᠯᠪᠠ᠃ ᠲᠡᠷᠡ᠂ ᠾᠧᠪᠸᠢ ᠶᠢᠨ ᠪᠦᠳᠤᠬᠡᠨ ᠪᠠᠶᠢᠭᠤᠯᠤᠯᠳᠠ ᠶᠢᠨ ᠪᠡᠯᠨ ᠤᠷᠤᠭᠤᠯᠤᠯᠳᠠ ᠶᠢᠨ ᠰᠢᠨ᠎ᠡ ᠡᠨᠧᠷᠭᠢ ᠶᠢᠨ ᠺᠤᠮᠫᠠᠨᠢ ᠨᠢ ᠲᠤᠰᠬᠠᠢ ᠮᠡᠷᠭᠡᠵᠢᠯ ᠤᠨ ᠴᠢᠨᠠᠷᠲᠠᠢ ᠺᠣᠮᠫᠠᠨᠢ ᠪᠣᠯᠤᠭᠰᠠᠨ ᠤ ᠬᠤᠪᠢ ᠳᠤ᠂ ᠰᠠᠯᠬᠢᠨ ᠬᠦᠴᠦᠨ ᠤ ᠴᠠᠬᠢᠯᠭᠠᠨ᠂ ᠨᠡᠷᠡᠨ ᠡᠨᠧᠷᠭᠢ᠂ ᠴᠥᠮ᠎ᠡ ᠶᠢᠨ ᠡᠨᠧᠷᠭᠢ ᠵᠡᠷᠭᠡ ᠰᠢᠨ᠎ᠡ ᠡᠨᠧᠷᠭᠢ ᠶᠢᠨ ᠲᠦᠷᠦᠯ ᠵᠦᠢᠯ ᠤᠨ ᠪᠡᠯᠡ ᠣᠷᠣᠭᠤᠯᠤᠯᠲᠠ᠂ ᠲᠥᠯᠥᠪᠵᠢᠭᠦᠯᠭᠡ᠂ ᠨᠡᠭᠡᠭᠡᠨ ᠬᠥᠭᠵᠢᠭᠦᠯᠦᠯᠲᠡ᠂ ᠪᠦᠳᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠲᠡᠷᠢᠭᠦᠨ ᠤ ᠮᠡᠷᠭᠡᠵᠢᠯ ᠪᠣᠯᠤᠨ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ ᠠᠷᠭ᠎ᠠ ᠬᠡᠯᠪᠡᠷᠢ ᠲᠠᠢ ᠪᠠᠶᠢᠵᠤ᠂ ᠲᠤᠰ ᠤᠳᠠᠭ᠎ᠠ ᠶᠢᠨ ᠬᠠᠮᠲᠤᠷᠠᠯᠴᠠᠭ᠎ᠠ ᠳᠤ ᠢᠲᠡᠭᠡᠯ ᠳᠦᠭᠦᠷᠡᠩ ᠪᠠᠶᠢᠨ᠎ᠠ᠃ ᠠᠵᠤ ᠠᠬᠤᠶᠢᠯᠠᠯ ᠤᠨ ᠬᠢᠨ ᠲᠦᠷᠦᠯ ᠵᠦᠢᠯ ᠢ ᠬᠡᠷᠡᠭᠵᠢᠭᠦᠯᠬᠦ ᠴᠠᠭ ᠤᠨ ᠬᠦᠰᠦᠨᠦᠭᠲᠦ ᠪᠣᠯᠤᠨ ᠵᠠᠮ ᠱᠤᠭᠤᠮ ᠤᠨ ᠵᠢᠷᠤᠭ ᠢᠶᠠᠨ ᠲᠦᠷᠭᠡᠨ ᠲᠣᠳᠣᠷᠬᠠᠶᠢᠯᠠᠵᠤ᠂ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠤᠨ ᠠᠰᠢᠭᠯᠠᠯᠲᠠ ᠳᠤ ᠣᠷᠣᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠤᠷᠠᠳ ᠤᠨ ᠬᠤᠶᠢᠲᠤ ᠬᠤᠰᠢᠭᠤᠨ ᠤ ᠬᠢᠨ ᠲᠦᠷᠦᠯ ᠵᠦᠢᠯ ᠤᠨ ᠮᠥᠷᠳᠡᠨ ᠦᠢᠯᠡᠴᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠦᠷᠢᠯᠳᠦᠭᠦᠯᠵᠦ ᠥᠭᠭᠦᠨ᠎ᠡ ᠭᠡᠵᠦ ᠢᠯᠡᠳᠬᠡᠪᠡ᠃      ᠭᠦᠸᠧ ᠶᠠᠨ ᠰᠢᠶᠦ᠋ᠨ ᠠᠵᠤ ᠠᠬᠤᠶᠢᠯᠠᠯ ᠪᠠ ᠲᠥᠷᠥᠯ ᠵᠦᠢᠯ ᠤᠨ ᠪᠠᠶᠢᠳᠠᠯ ᠢᠶᠠᠨ ᠨᠠᠷᠢᠨ ᠲᠠᠨᠢᠯᠴᠠᠭᠤᠯᠤᠭᠰᠠᠨ ᠪᠥᠭᠡᠳ ᠤᠷᠠᠳ ᠤᠨ ᠬᠤᠶᠢᠲᠤ ᠬᠤᠰᠢᠭᠤᠨ ᠤ ᠰᠠᠶᠢᠨ ᠰᠠᠶᠢᠬᠠᠨ ᠣᠷᠣᠨ ᠪᠠᠶᠢᠷᠢ ᠶᠢᠨ ᠳᠠᠪᠠᠭᠤᠯᠢᠭ᠂ ᠡᠯᠪᠡᠭ ᠪᠠᠶᠠᠯᠢᠭ ᠡᠬᠢ ᠪᠠᠶᠠᠯᠢᠭ ᠤᠨ ᠳᠠᠪᠠᠭᠤᠯᠢᠭ ᠪᠠ ᠳᠠᠪᠠᠭᠤᠯᠢᠭ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠳᠤ ᠢᠲᠡᠭᠡᠯ ᠲᠡᠭᠦᠯᠳᠡᠷ ᠪᠠᠶᠢᠬᠤ ᠪᠠᠨ ᠢᠯᠡᠳᠬᠡᠭᠰᠠᠨ ᠪᠠᠶᠢᠨ᠎ᠠ᠃ ᠲᠡᠷᠡ᠂ ᠾᠧᠪᠸᠢ ᠶᠢᠨ ᠪᠦᠳᠤᠬᠡᠨ ᠪᠠᠶᠢᠭᠤᠯᠤᠯᠳᠠ ᠶᠢᠨ ᠪᠡᠯᠨ ᠤᠷᠤᠭᠤᠯᠤᠯᠳᠠ ᠶᠢᠨ ᠰᠢᠨ᠎ᠡ ᠡᠨᠧᠷᠭᠢ ᠨᠢ ᠲᠤᠰ ᠪᠡᠶ᠎ᠡ ᠶᠢᠨ ᠮᠡᠷᠭᠡᠵᠢᠯ᠂ ᠪᠡᠯᠡ ᠮᠥᠩᠭᠦ ᠪᠣᠯᠤᠨ ᠬᠠᠮᠢᠶᠠᠷᠤᠯᠲᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠡᠷᠲᠡᠬᠡᠨ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠤᠯᠬᠤ ᠪᠠᠷ ᠴᠢᠷᠮᠠᠶᠢᠨ᠎ᠠ ᠭᠡᠵᠦ ᠢᠯᠡᠳᠬᠡᠪᠡ᠃      ᠣᠶᠢᠯᠠᠭᠠᠭᠰᠠᠨ ᠢᠶᠠᠷ᠂ ᠲᠣᠰ ᠭᠡᠷ᠎ᠡ ᠳᠤ᠂ 500MW ᠬᠡᠷᠡᠯ ᠴᠡᠨᠡᠭ ᠢᠶᠠᠷ ᠤᠰᠤᠲᠥ᠋ᠷᠥᠭᠴᠢ ᠶᠢ ᠦᠢᠯᠡᠳᠬᠦ ᠨᠡᠶᠢᠯᠡᠯᠭᠡ ᠰᠢᠪᠲᠦᠷ ᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠢ ᠨᠡᠭᠡᠭᠡᠨ ᠪᠠᠶᠢᠭᠤᠯᠬᠤ ᠪᠠᠷ ᠲᠥᠯᠥᠪᠯᠡᠵᠦ᠂ 50 ᠲᠦᠮᠡᠨ ᠺᠢᠯᠣᠸᠠᠲ ᠤᠨ ᠰᠠᠯᠬᠢᠨ ᠡᠨᠧᠷᠭᠢ ᠶᠢᠨ ᠴᠠᠬᠢᠯᠭᠠᠨ ᠥᠷᠲᠡᠭᠡ ᠶᠢ ᠲᠥᠯᠥᠪᠵᠢᠭᠦᠯᠦᠨ ᠪᠠᠶᠢᠭᠤᠯᠵᠤ᠂ 230 MW ᠤᠰᠤᠲᠥ᠋ᠷᠥᠭᠴᠢ ᠶᠢᠨ ᠥᠷᠲᠡᠭᠡ ᠳᠤ ᠪᠠᠶᠢᠭᠠᠯᠢᠯᠢᠭ ᠴᠠᠬᠢᠯᠭᠠᠨ ᠬᠠᠩᠭᠠᠵᠤ᠂ ᠲᠥᠷᠥᠯ ᠵᠦᠢᠯ ᠨᠢ ᠵᠢᠯ ᠪᠦᠷᠢ 2.4 ᠲᠦᠮᠡᠨ ᠲᠣᠨ ᠪᠤᠬᠢᠷᠳᠤᠯ ᠦᠭᠡᠢ ᠤᠰᠤᠲᠥ᠋ᠷᠥᠭᠴᠢ ᠶᠢ ᠦᠢᠯᠡᠳᠪᠦᠷᠢᠯᠡᠬᠦ ᠶᠢᠨ ᠬᠠᠮᠲᠤ 16.7 ᠲᠦᠮᠡᠨ ᠲᠣᠨ ᠪᠤᠬᠢᠷᠳᠤᠯ ᠦᠭᠡᠢ ᠰᠢᠪᠲᠦᠷ ᠤᠨ ᠨᠡᠶᠢᠯᠡᠮᠡᠯ ᠲᠣᠨᠣᠭᠯᠠᠯ ᠢ ᠢᠵᠢ ᠪᠥᠷᠢᠳᠦᠭᠦᠯᠬᠦ ᠪᠠᠷ ᠲᠦᠯᠤᠪᠯᠡᠭᠰᠠᠨ ᠪᠠᠶᠢᠨ᠎ᠠ᠃
ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ