︽ᠤᠷᠠᠳ ᠨᠤᠮᠧᠷᠳᠤ︾ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠨᠠᠶᠢᠳᠠ 5.82 ᠳ᠋ᠦᠩᠰᠢᠭᠤᠷ ᠲᠥᠭᠦᠷᠢᠭ ᠤᠨ ᠪᠠᠷᠠᠭ᠎ᠠ ᠲᠡᠬᠡᠬᠡᠪᠤᠷᠢᠯᠠᠪᠠ
ᠨᠡᠶᠢᠲᠡᠯᠡᠭᠰᠡᠨ ᠴᠠᠭ᠄
2024/9/5
      ᠤᠷᠴᠢᠮᠬᠠᠨ᠂ 25 ᠳ᠋ᠤᠭᠠᠷ ᠤᠳᠠᠭᠠᠨ ᠤ ︽ᠤᠷᠠᠳ ᠨᠤᠮᠧᠷᠳᠤ︾ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠤᠷᠠᠳ ᠤᠨ ᠬᠤᠶᠢᠳᠤ ᠬᠤᠰᠢᠭᠤᠨ ᠤ ᠠᠵᠤ ᠦᠢᠯᠡᠳᠪᠦᠷᠢ ᠶᠢᠨ ᠲᠣᠭᠤᠷᠢᠭ ᠪᠤᠯᠬᠤ ᠶᠢᠨ ᠬᠤᠤ ᠲᠧ ᠪᠠᠷᠠᠭᠠᠨ ᠤ ᠭᠦᠢᠯᠭᠡᠭᠡᠨ ᠤ ᠲᠣᠭᠤᠷᠢᠭ ᠠᠴᠠ ᠠᠯᠭᠤᠷᠬᠠᠨ ᠠᠶᠠᠯᠠᠯ᠎ᠠ᠃ ᠲᠤᠰ ᠤᠳᠠᠭᠠᠨ ᠤ ᠭᠠᠯᠲᠤ ᠲᠡᠷᠭᠡ 55 ᠴᠢᠩᠭᠡᠯᠢᠭ ᠢ ᠳᠦᠭᠦᠷᠲᠡᠯ᠎ᠡ ᠠᠴᠢᠵᠤ᠂ ᠴᠠᠬᠢᠯᠭᠠᠨ ᠬᠦᠯᠳᠡᠭᠡᠭᠦᠷ᠂ ᠪᠢᠴᠢᠯ ᠳᠣᠯᠭᠢᠶᠠᠨ ᠤ ᠵᠤᠤᠬ᠎ᠠ᠂ ᠤᠰᠤ ᠬᠠᠯᠠᠭᠠᠭᠤᠷ ᠵᠡᠷᠭᠡ 1800 ᠲᠦᠮᠡᠨ ᠲᠥᠭᠦᠷᠢᠭ ᠤᠨ ᠥᠷᠲᠡᠭ ᠪᠦᠬᠦᠢ ᠴᠠᠬᠢᠯᠭᠠᠨ ᠬᠡᠷᠡᠭᠰᠡᠯ ᠲᠡᠬᠡᠬᠡᠪᠤᠷᠢᠯᠠᠵᠤ᠂ ᠡᠷᠢᠶᠡᠨ ᠬᠤᠲᠠ ᠶᠢᠨ ᠬᠢᠯᠢ ᠶᠢᠨ ᠪᠤᠭᠤᠮᠳᠠ ᠶᠢ ᠦᠩᠬᠡᠷᠠᠵᠤ᠂ ᠣᠷᠣᠰ ᠤᠨ ᠮᠣᠰᠺᠸᠠ ᠶᠢᠨ ᠰᠢᠶᠧᠯᠢᠶᠠᠵᠢᠨᠤ᠋ ᠵᠦᠭ᠂ 8000  ᠺᠢᠯᠣᠮᠧᠲᠷ ᠤᠨ ᠲᠢᠪ ᠠᠯᠤᠰᠯᠠᠬᠤ ᠵᠦᠬᠡᠬᠡᠪᠤᠷᠢ ᠶᠢᠨ ᠠᠶᠠᠯᠠᠯ ᠢᠶᠠᠨ ᠡᠬᠢᠯᠠᠬᠦᠯᠤᠯ᠎ᠠ᠃      ᠣᠶᠢᠷ᠎ᠠ ᠶᠢᠨ ᠵᠢᠯ ᠤᠳ ᠲᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠨᠢ ᠬᠠᠭᠤᠷᠠᠢ ᠳᠡᠭᠡᠷᠡᠬᠢ ᠲᠣᠷᠭᠠᠨ ᠵᠠᠮ ᠤᠨ ᠴᠢᠬᠤᠯᠨ ᠵᠠᠮ ᠨᠡᠪᠳᠡᠷᠡᠬᠦᠯᠬᠡ ᠶᠢᠨ ᠪᠠᠭᠠᠵᠢ ᠪᠤᠯᠵᠤ᠂ ᠲᠡᠭᠡᠭᠡᠪᠦᠷᠢ ᠶᠢᠨ ᠬᠡᠮᠵᠢᠶ᠎ᠡ ᠪᠣᠯᠤᠨ ᠵᠠᠮ ᠤᠨ ᠬᠡᠪᠴᠢᠶ᠎ᠡ ᠨᠢ ᠦᠷᠭᠦᠯᠵᠢᠯᠡᠨ ᠥᠷᠭᠡᠳᠬᠡᠪᠡ᠃ 2022 ᠤᠨ ᠳᠤ ︽ᠤᠷᠠᠳ ᠨᠤᠮᠧᠷᠳᠤ︾ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠠᠩᠬᠠᠳᠠᠭᠴᠢ ᠠᠶᠠᠯᠠᠯ ᠢᠶᠠᠨ ᠠᠮᠵᠢᠯᠲᠠ ᠲᠠᠢ ᠡᠬᠢᠯᠠᠬᠦᠯᠦᠭᠰᠠᠨ ᠠᠴᠠ ᠨᠠᠭᠠᠰᠢ᠂ ᠡᠨᠡ ᠬᠦ ᠪᠠᠷᠠᠭᠠᠨ ᠤ ᠭᠦᠢᠯᠭᠡᠭᠡᠨ ᠤ ᠵᠠᠮ ᠨᠢᠭᠡᠨᠲᠡ ᠳᠤᠮᠳᠠᠳᠤ ᠤᠯᠤᠰ ᠤᠨ ᠪᠠᠷᠠᠭᠤᠨ ᠬᠤᠶᠢᠲᠤ ᠣᠷᠤᠨ ᠬᠢᠭᠡᠳ ᠧᠦ᠋ᠷᠤᠫᠠ ᠶᠢᠨ ᠵᠠᠬ᠎ᠠ ᠳᠡᠯᠭᠡᠭᠦᠷ ᠤᠨ ᠴᠢᠬᠤᠯᠠ ᠬᠥᠭᠦᠷᠭᠡ ᠪᠤᠯᠤᠬᠰᠠᠨ ᠪᠠᠶᠢᠨ᠎ᠠ᠃ ᠣᠳᠣ ᠪᠣᠯᠲᠠᠯ᠎ᠠ᠂ ︽ᠤᠷᠠᠳ ᠨᠤᠮᠧᠷᠳᠤ︾ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠨᠡᠶᠢᠲᠡ 45 ᠤᠳᠠᠭ᠎ᠠ ᠠᠶᠠᠯᠠᠵᠤ᠂ 2398 ᠴᠢᠩᠬᠡᠯᠢᠭ ᠪᠠᠷᠠᠭ᠎ᠠ ᠲᠡᠬᠡᠬᠡᠪᠤᠷᠢᠯᠠᠵᠤ᠂ ᠶᠡᠷᠦᠩᠬᠡᠶ ᠬᠦᠨᠳᠦ ᠨᠢ 5.33 ᠲᠦᠮᠡᠨ ᠲᠣᠨ᠂ ᠪᠠᠷᠠᠭᠠᠨ ᠤ ᠥᠷᠲᠡᠭ ᠨᠢ 5.82 ᠳ᠋ᠦᠩᠰᠢᠭᠤᠷ ᠲᠥᠭᠦᠷᠢᠭ ᠲᠤ ᠬᠦᠷᠴᠡᠶ᠃ ᠲᠡᠭᠡᠭᠡᠪᠦᠷᠢ ᠶᠢᠨ ᠪᠠᠷᠠᠭ᠎ᠠ ᠨᠢ ᠭᠤᠤᠯᠳᠠᠭᠤ ᠨᠠᠷᠠᠨ ᠬᠤᠸᠠᠷ᠂ ᠲᠤᠰᠤᠯᠢᠭ ᠨᠠᠷᠠᠨ ᠴᠡᠴᠡᠭ ᠤᠨ ᠦᠷ᠎ᠡ᠂ ᠴᠠᠬᠢᠯᠭᠠᠨ ᠬᠡᠷᠡᠭᠰᠡᠯ ᠪᠤᠯᠤᠨ᠎ᠠ᠃ 
ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ