ᠨᠢᠭᠡ ᠳᠤ᠂ ᠴᠣᠩᠬᠤᠪᠴᠢ ᠪᠠᠷ ᠬᠢᠨᠠᠨ ᠵᠥᠪᠰᠢᠶᠡᠷᠡᠬᠦ ᠵᠠᠭᠪᠤᠷ ᠤᠨ ᠰᠢᠨ᠎ᠡ ᠶᠢ ᠡᠭᠦᠳᠴᠦ᠂ ᠠᠵᠤ ᠠᠬᠤᠶᠢᠯᠠᠯ ᠪᠠ ᠣᠯᠠᠨ ᠲᠦᠮᠡᠨ ᠤ ᠤᠴᠢᠷ ᠶᠠᠪᠤᠳᠠᠯ | ᠰᠢᠢᠳᠪᠦᠷᠢᠯᠡᠬᠦ ᠳᠤ ᠬᠦᠴᠦᠨ ᠨᠡᠮᠡᠷᠢᠯᠡᠪᠡ᠃ ᠶᠡᠷᠦᠩᠬᠡᠶᠢᠯᠡᠭᠰᠡᠨ ᠴᠣᠩᠬᠤᠪᠴᠢ ᠨᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠵᠠᠭᠪᠤᠷ ᠲᠤ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠴᠦ᠂ ᠣᠯᠠᠨ ᠵᠦᠢᠯ ᠤᠨ ᠰᠢᠨ᠎ᠡ ᠬᠡᠯᠪᠡᠷᠢ ᠶᠢᠨ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠦᠨ᠂ ᠶᠡᠷᠤᠩᠬᠡᠶᠢᠯᠡᠭᠰᠡᠨ ᠠᠰᠠᠭᠤᠨ ᠯᠠᠪᠯᠠᠯᠳᠠ ᠶᠢᠨ | ᠣᠯᠠᠨ ᠶᠠᠩᠵᠤᠴᠢᠯᠠᠭᠰᠠᠨ 68 ᠴᠣᠩᠬᠤᠪᠴᠢ ᠶᠢ ᠲᠤᠬᠢᠷᠠᠭᠤᠯᠵᠦ᠂ 1635 ᠲᠦᠷᠦᠯ ᠤᠨ ᠬᠡᠷᠡᠭ ᠶᠠᠪᠤᠳᠠᠯ ᠰᠢᠢᠤᠨᠪᠦᠷᠢᠯᠡᠬᠦ ᠶᠢ ᠪᠠᠭᠳᠠᠭᠠᠵᠦ᠂ ᠬᠢᠨᠠᠨ ᠵᠥᠪᠰᠢᠶᠡᠷᠡᠬᠦ | ᠮᠠᠲ᠋ᠧᠷᠢᠶᠠᠯ ᠢ 44.55% ᠪᠠᠷ ᠬᠠᠰᠤᠨ᠂ ᠬᠢᠨᠠᠨ ᠵᠥᠪᠰᠢᠶᠡᠷᠡᠬᠦ ᠭᠤᠭᠴᠤᠭ᠎ᠠ ᠶᠢ 33.26% ᠪᠠᠷ ᠪᠤᠭᠤᠨᠢᠰᠬᠠᠵᠦ᠂ ᠠᠵᠢᠯ ᠶᠠᠪᠤᠳᠠᠯ ᠭᠦᠢᠴᠡᠳᠬᠡᠬᠦ ᠴᠠᠭ ᠤᠨ | ᠬᠢᠵᠠᠭᠠᠷ ᠢ 79.55% ᠪᠠᠷ ᠪᠠᠭᠠᠰᠬᠠᠪᠠ᠃ ᠣᠳᠣᠬᠠᠨ ᠪᠣᠯᠲᠠᠯ᠎ᠠ᠂ 5034 ᠬᠤᠪᠢ ᠠᠵᠢᠯ ᠶᠠᠪᠤᠳᠠᠯ ᠢ ︽ᠨᠢᠭᠡ ᠤᠴᠢᠷ ᠢ ᠨᠢᠭᠡ ᠯᠡ ᠤᠳᠠᠭ᠎ᠠ ᠳᠤ | ᠭᠦᠢᠴᠡᠳᠬᠡᠬᠦ︾ ᠶᠢ ᠪᠡᠶᠡᠯᠡᠬᠦᠯᠵᠦ᠂ 252 ᠬᠤᠪᠢ ᠠᠵᠢᠯ ᠶᠠᠪᠤᠳᠠᠯ ᠢ ︽ᠴᠠᠭ ᠢ ᠤᠷᠳᠤᠤᠨᠬᠠᠨ ᠦᠢᠯᠡᠴᠢᠯᠡᠬᠦ︾ ᠶᠢ ᠪᠡᠶᠡᠯᠡᠬᠦᠯᠪᠡ᠃ | ᠬᠤᠶᠠᠷ ᠲᠤ᠂ ︽ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ︾ ᠲᠦᠢᠯ ᠤᠨ ᠣᠨᠣᠪᠴᠢᠲᠠᠶ ᠦᠢᠯᠡᠴᠢᠯᠡᠭᠡ ᠪᠠᠷ ᠬᠢᠨᠠᠨ | ᠵᠥᠪᠰᠢᠶᠡᠷᠡᠵᠦ ᠦᠨᠡᠮᠯᠡᠯ ᠣᠯᠭᠤᠬᠤ ᠴᠠᠭ ᠤᠨ ᠬᠢᠵᠠᠭᠠᠷ ᠢ ᠪᠣᠭᠤᠨᠢᠰᠬᠠᠪᠠ᠃ ᠭᠤᠤᠯᠳᠠᠯᠭ᠎ᠠ ᠲᠠᠢ ᠲᠥᠷᠥᠯ ᠵᠦᠢᠯ ᠪᠠ ᠭᠤᠤᠯᠳᠠᠯᠭ᠎ᠠ ᠲᠠᠢ ᠠᠵᠤ ᠠᠬᠤᠶᠢᠯᠠᠯ ᠢᠶᠠᠷ | ᠭᠤᠤᠯ ᠪᠣᠯᠭᠠᠭᠰᠠᠨ ᠪᠥᠬᠦ ᠬᠤᠰᠢᠭᠤᠨ ᠤ ᠰᠤᠷᠠᠭ ᠵᠠᠩᠭᠢ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠵᠠᠰᠠᠭ ᠠᠵᠤ ᠠᠬᠤᠶᠢᠯᠠᠯ ᠤᠨ ︽ᠠᠷᠢᠭᠤᠨ ᠴᠢᠬᠡᠴᠢ︾ | ᠶᠠᠷᠢᠯᠴᠠᠬᠤ ᠬᠤᠷᠠᠯ ᠢ 3 ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠬᠠᠮ ᠦᠢᠯᠡᠴᠢᠯᠡᠭᠡ ᠬᠠᠩᠭᠠᠨ᠂ ︽ᠨᠢᠭᠡ ᠲᠥᠷᠥᠯ ᠵᠦᠢᠯ ᠳᠤ ᠨᠢᠭᠡ ᠲᠤᠰᠬᠠᠶ | ᠠᠩᠭᠢ ᠲᠠᠢ ᠪᠠᠶᠢᠯᠭᠠᠬᠤ︾ ᠵᠠᠷᠴᠢᠮ ᠶᠣᠰᠣᠭᠠᠷ᠂ ᠲᠤᠰᠬᠠᠶ ᠮᠡᠷᠭᠡᠵᠢᠯᠲᠡᠨ ᠤ ᠦᠢᠯᠡᠴᠢᠯᠡᠭᠡᠨ ᠤ ᠪᠦᠯᠬᠦᠮ ᠨᠡᠶᠢᠲᠡ ᠶᠢ ᠪᠦᠷᠢᠯᠳᠦᠭᠦᠯᠵᠦ᠂ ︽ᠨᠢᠭᠡ ᠠᠵᠤ | ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠬᠦᠯᠬᠦ︾ ᠣᠨᠣᠪᠴᠢᠳᠦ ᠦᠢᠯᠡᠴᠢᠯᠡᠭᠡ ᠶᠢ ᠬᠡᠷᠡᠭᠵᠢᠭᠦᠯᠦᠨ᠂ ᠪᠠᠷᠢᠯᠭ᠎ᠠ ᠶᠢᠨ ᠲᠥᠷᠥᠯ ᠵᠦᠢᠯ ᠤᠨ ᠬᠢᠨᠠᠨ | ᠵᠥᠪᠰᠢᠶᠡᠷᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠨᠢᠭᠡ ᠬᠦᠰᠦᠨᠦᠭᠲᠦ ᠪᠠᠷ ᠭᠤᠶᠤᠴᠢᠯᠠᠬᠤ᠂ ᠨᠢᠭᠡ ᠰᠦᠯᠵᠢᠶ᠎ᠡ ᠪᠠᠷ ᠭᠦᠢᠴᠡᠳᠬᠡᠬᠦ᠂ ᠨᠢᠭᠡ | ᠤᠳᠠᠭ᠎ᠠ ᠳᠤ ᠮᠡᠳᠡᠭᠳᠡᠬᠦ᠂ ᠨᠢᠭᠡᠳᠦᠯᠲᠡᠶ ᠦᠨᠡᠮᠯᠡᠯ ᠣᠯᠭᠤᠬᠤ︾ ᠶᠢ ᠪᠡᠶᠡᠯᠡᠭᠦᠯᠪᠡ᠃ ᠣᠳᠣᠬᠠᠨ ᠪᠣᠯᠲᠠᠯ᠎ᠠ᠂ 35 ᠲᠥᠷᠥᠯ ᠵᠦᠢᠯ ᠢ ᠰᠢᠯᠭᠠᠨ ᠬᠤᠷᠢᠶᠠᠵᠤ᠂ 18 | ᠲᠥᠷᠥᠯ ᠵᠦᠢᠯ ᠢ ᠬᠠᠮᠲᠤᠷᠠᠨ ᠰᠢᠯᠭᠠᠨ ᠬᠤᠷᠢᠶᠠᠪᠡ᠃ | ᠭᠤᠷᠪᠠ ᠳᠤ᠂ ᠲᠤᠭᠠᠴᠢᠯᠠᠭᠰᠠᠨ ᠠᠵᠢᠯᠯᠠᠭ᠎ᠠ ᠪᠠᠨ ᠴᠢᠩᠭᠠᠤᠨᠬᠠᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠳᠡᠮᠵᠢᠪᠡ᠃ ᠠᠵᠤ ᠠᠬᠤᠶᠢᠯᠠᠯ ᠤᠨ | ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠴᠠᠭ ᠬᠤᠭᠤᠴᠠᠭ᠎ᠠ ᠶᠢ ᠪᠣᠭᠤᠨᠢᠰᠬᠠᠵᠤ᠂ ᠠᠵᠤ ᠠᠬᠤᠶᠢᠯᠠᠯ ᠤᠨ ᠡᠯ᠎ᠡ ᠲᠥᠷᠥᠯ ᠤᠨ ᠥᠪᠡᠷ ᠤᠨ ᠥᠷᠲᠡᠭ ᠢ | ᠪᠠᠭᠠᠰᠬᠠᠬᠤ ᠶᠢᠨ ᠲᠤᠰᠠᠳᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠭᠠᠴᠢᠯᠠᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ︽ | ᠪᠥᠬᠦ ᠶᠠᠪᠤᠴᠠ ᠶᠢ ᠰᠦᠯᠵᠢᠶ᠎ᠡ ᠪᠠᠷ ᠭᠦᠢᠴᠡᠳᠬᠡᠬᠦ︾ ᠶᠢ ᠨᠠᠩ ᠶᠡᠭᠡ ᠬᠡᠪᠴᠢᠶ᠎ᠡ ᠪᠠᠷ ᠪᠡᠶᠡᠯᠡᠭᠦᠯᠵᠦ᠂ ᠣᠳᠣᠬᠠᠨ ᠪᠣᠯᠲᠠᠯ᠎ᠠ᠂ ᠰᠦᠯᠵᠢᠶᠡᠨ ᠳᠡᠭᠡᠷ᠎ᠡ ᠭᠦᠢᠴᠡᠳᠬᠡᠬᠦ | ᠵᠦᠢᠯᠡᠰ ᠤᠨ ᠬᠡᠮᠵᠢᠶ᠎ᠡ 7298 ᠬᠤᠪᠢ ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ ︽ᠨᠢᠭᠡ ᠴᠣᠭᠴᠠᠵᠢᠭᠤᠯᠤᠭᠰᠠᠨ︾ ᠲᠠᠪᠴᠠᠩ ᠳᠤ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠯ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ 1710 ᠵᠦᠢᠯ ᠡᠮᠬᠢᠯᠡᠨ ᠨᠡᠶᠢᠲᠡᠯᠡᠵᠦ᠂ 1235 ᠵᠦᠢᠯᠡᠰ ᠢ ᠪᠠᠶᠢᠳᠠᠯ ᠳᠤᠨᠢ | ᠲᠤᠬᠢᠷᠠᠭᠤᠯᠤᠨ ᠡᠮᠬᠢᠯᠡᠵᠦ᠂ ᠰᠢᠯᠵᠢᠮᠡᠯ ᠦᠵᠦᠭᠦᠷ ᠤᠨ ᠵᠦᠢᠯᠡᠰ ᠢ 1535 ᠵᠦᠢᠯ ᠳᠤ ᠬᠦᠷᠦᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ 1433 | ᠵᠦᠢᠯᠡᠰ ᠢ ᠨᠢᠭᠡᠨᠲᠡ ᠦᠨᠡᠮᠯᠡᠯ ᠥᠬᠡᠶ ᠪᠠᠷ ᠭᠦᠢᠴᠡᠳᠬᠡᠵᠦ ᠪᠣᠯᠬᠤ ᠶᠢ ᠪᠡᠶᠡᠯᠡᠭᠦᠯᠪᠡ᠃ | | | |