ᠶᠠᠨ ᠸᠧᠶ ᠭᠤᠤᠯᠳᠠᠯᠭ᠎ᠠ ᠲᠠᠢ ᠲᠥᠷᠥᠯ  ᠵᠦᠢᠯ ᠳᠤ ᠭᠠᠵᠠᠷ ᠬᠡᠷᠡᠭᠯᠡᠬᠦ ᠭᠠᠷᠳᠠᠮ ᠢ  ᠭᠦᠢᠴᠡᠳᠬᠡᠬᠦ ᠶᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/5
      9 ᠰᠠᠷ᠎ᠠ ᠶᠢᠨ 2 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠶᠠᠨ ᠸᠧᠶ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠭᠠᠭᠴᠠᠮᠤᠳᠤ ᠪᠠᠯᠭᠠᠰᠤ᠂ ᠵᠠᠮ ᠲᠡᠭᠡᠭᠡᠪᠦᠷᠢ ᠶᠢᠨ ᠲᠣᠪᠴᠢᠶ᠎ᠠ᠂ ᠭᠠᠳᠠᠭᠠᠳᠤ ᠶᠠᠪᠤᠳᠠᠯ ᠤᠨ ᠠᠯᠪᠠᠨ ᠭᠡᠷ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠤᠬᠢᠶᠠᠨ ᠪᠠᠶᠢᠭᠤᠯᠤᠨ᠂ ᠭᠤᠤᠯᠳᠠᠯᠭ᠎ᠠ ᠲᠠᠢ ᠲᠥᠷᠥᠯ  ᠵᠦᠢᠯ ᠳᠤ ᠭᠠᠵᠠᠷ ᠬᠡᠷᠡᠭᠯᠡᠬᠦ ᠭᠠᠷᠳᠠᠮ ᠢ  ᠭᠦᠢᠴᠡᠳᠬᠡᠬᠦ ᠶᠢ ᠠᠬᠢᠭᠤᠯᠬᠤ ᠬᠤᠷᠠᠯ ᠬᠤᠷᠠᠯᠳᠤᠭᠤᠯᠵᠦ᠂ ᠭᠠᠭᠴᠠᠮᠤᠳᠤ ᠪᠠᠯᠭᠠᠰᠤᠨ ᠤ ᠣᠯᠠᠨ ᠤᠯᠤᠰ ᠤᠨ ᠡᠬᠡ ᠬᠠᠭᠤᠷᠠᠶ ᠶᠢᠨ ᠭᠠᠷᠠᠮ ᠤᠨ ᠣᠷᠣᠨ ᠤ ᠭᠠᠵᠠᠷ ᠰᠢᠷᠣᠶ ᠶᠢᠨ ᠫᠠᠶᠢᠰᠠ ᠡᠯᠭᠦᠬᠦ ᠠᠰᠠᠭᠤᠳᠠᠯ᠂ G242 ᠵᠠᠮ ᠱᠤᠭᠤᠮ ᠤᠨ ᠵᠡᠬᠦᠨ ᠦᠷᠬᠦᠯᠵᠢᠯᠡᠯ ᠱᠤᠭᠤᠮ ᠵᠡᠷᠭᠡ ᠬᠠᠭᠤᠷᠠᠶ ᠶᠢᠨ ᠭᠠᠷᠠᠮ ᠤᠨ ᠣᠷᠣᠨ ᠤ ᠭᠤᠤᠯᠳᠠᠯᠭ᠎ᠠ ᠲᠠᠢ ᠵᠠᠮ ᠤᠨ ᠪᠠᠷᠢᠯᠭ᠎ᠠ ᠶᠢᠨ ᠭᠠᠵᠠᠷ ᠬᠡᠷᠡᠭᠯᠡᠬᠦ ᠭᠠᠷᠳᠠᠮ ᠢ  ᠭᠦᠢᠴᠡᠳᠬᠡᠬᠦ᠂ ᠬᠠᠯᠢᠭᠤᠲᠤ ᠶᠢᠨ ᠣᠳᠣᠬᠢᠴᠢᠯᠠᠭᠰᠠᠨ ᠪᠠᠷᠠᠭᠠᠨ ᠤ  ᠭᠦᠢᠯᠭᠡᠭᠡᠨ ᠤ ᠬᠦᠷᠢᠶᠡᠯᠡᠩ ᠤᠨ ᠲᠥᠷᠥᠯ  ᠵᠦᠢᠯ ᠳᠤ ᠬᠡᠷᠡᠭᠯᠡᠬᠦ ᠭᠠᠵᠠᠷ ᠢ ᠫᠠᠶᠢᠰᠠ ᠡᠯᠭᠦᠬᠦ ᠠᠰᠠᠭᠤᠳᠠᠯ᠂ ᠭᠠᠭᠴᠠᠮᠤᠳᠤ ᠲᠣᠷᠭᠠᠨ ᠵᠠᠮ ᠤᠨ ᠤᠯᠠᠭᠠᠨ ᠲᠡᠮᠡᠬᠡᠨ ᠤ ᠰᠣᠶᠣᠯ ᠤᠨ ᠠᠵᠤ  ᠦᠢᠯᠡᠰ ᠤᠨ ᠬᠦᠷᠢᠶᠡᠯᠡᠩ ᠤᠨ ᠭᠠᠵᠠᠷ ᠬᠡᠷᠡᠭᠯᠡᠬᠦ ᠭᠠᠷ  ᠭᠦᠢᠴᠡᠳᠬᠡᠯ ᠢ  ᠭᠦᠢᠴᠡᠳᠬᠡᠬᠦ ᠵᠡᠷᠭᠡ ᠠᠵᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ᠂ ᠲᠦᠭᠵᠢᠷᠡᠯ ᠤᠨ ᠠᠰᠠᠭᠤᠳᠠᠯ ᠢ ᠰᠢᠢᠤᠨᠪᠦᠷᠢᠯᠡᠬᠦ ᠶᠢᠨ ᠬᠠᠮᠳᠤ ᠭᠤᠤᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠬᠢᠪᠡ᠃ ᠡᠯ᠎ᠡ ᠰᠠᠯᠠᠭ᠎ᠠ ᠮᠥᠴᠢᠷ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠭᠠᠵᠠᠷ ᠬᠡᠷᠡᠭᠯᠡᠬᠦ ᠭᠠᠷᠳᠠᠮ ᠭᠦᠢᠴᠡᠳᠬᠡᠭᠰᠡᠨ ᠪᠠᠶᠢᠳᠠᠯ ᠢ ᠪᠦᠬᠦ ᠲᠠᠯ᠎ᠠ ᠪᠠᠷ ᠡᠮᠬᠢᠯᠡᠨ᠂ ᠲᠦᠭᠵᠢᠷᠡᠯ ᠤᠨ ᠵᠠᠩᠭᠢᠯᠠᠭ᠎ᠠ ᠶᠢ ᠣᠨᠣᠪᠴᠢᠲᠠᠢ ᠡᠵᠡᠮᠰᠢᠵᠦ᠂ ᠨᠢᠭᠡᠳ ᠨᠢᠭᠡ ᠪᠠᠷ ᠡᠬᠡ ᠲᠠᠩᠰᠠ ᠪᠠᠶᠢᠭᠤᠯᠤᠨ᠂ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠭᠤᠣᠯᠳᠠᠯᠭ᠎ᠠ ᠲᠠᠢ ᠲᠥᠷᠥᠯ ᠵᠦᠢᠯ ᠳᠤ ᠭᠠᠵᠠᠷ ᠬᠡᠷᠡᠭᠯᠡᠬᠦ ᠭᠠᠷᠳᠠᠮ ᠢ ᠭᠦᠢᠴᠡᠳᠬᠡᠬᠦ ᠶᠢ ᠲᠦᠷᠭᠡᠳᠬᠡᠵᠦ᠂ ᠲᠥᠷᠥᠯ ᠵᠦᠢᠯ ᠳᠤ ᠭᠠᠵᠠᠷ ᠬᠡᠷᠡᠭᠯᠡᠬᠦ ᠨᠢᠭᠡᠴᠢ ᠳᠤ ᠢᠳᠡᠪᠬᠢᠲᠡᠶ ᠦᠢᠯᠡᠴᠢᠯᠡᠨ᠂ ᠭᠤᠣᠯᠳᠠᠯᠭ᠎ᠠ ᠲᠠᠢ ᠲᠥᠷᠥᠯ ᠵᠦᠢᠯ ᠢ ᠴᠠᠭ ᠲᠤᠬᠠᠶ ᠳᠤᠨᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ ᠬᠡᠵᠦ ᠱᠠᠭᠠᠷᠳᠠᠪᠠ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ