ᠰᠢᠬ᠎ᠠ ᠭᠤᠤᠯ ᠪᠠᠯᠭᠠᠰᠦ ᠲᠠᠷᠢᠶᠠᠴᠢᠳ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠠᠵᠢᠯ ᠢᠶᠠᠨ ᠰᠠᠶᠢᠳᠤᠷ ᠬᠢᠵᠦ ᠪᠤᠢ
ᠨᠡᠶᠢᠲᠡᠯᠡᠭᠰᠡᠨ ᠴᠠᠭ᠄
2024/9/5
      ᠲᠠᠷᠢᠶᠠᠯᠠᠩ ᠤᠨ ᠳᠠᠭᠠᠳᠬᠠᠯ ᠤᠨ ᠲᠤᠯᠭᠠᠭᠤᠷᠢᠯᠠᠬᠤ  ᠦᠢᠯᠡᠳᠦᠯ ᠢ ᠪᠠᠳᠠᠷᠠᠭᠤᠯᠵᠤ᠂ ᠲᠠᠷᠢᠶᠠᠴᠢᠳ ᠤᠨ ᠠᠰᠢᠭ ᠲᠤᠰᠠ ᠶᠢ ᠪᠠᠲᠤᠯᠠᠬᠤ ᠶᠢᠨ ᠲᠥᠯᠥᠭᠡ᠂ ᠣᠶᠢᠷ᠎ᠠ  ᠳᠤ᠂ ᠲᠠᠷᠢᠶᠠᠯᠠᠩ ᠤᠨ ᠳᠠᠭᠠᠳᠬᠠᠯ ᠤᠨ ᠺᠣᠮᠫᠠᠨᠢ ᠪᠣᠯᠤᠨ ᠭᠤᠷᠪᠠᠨ ᠲᠠᠯ᠎ᠠ ᠶᠢᠨ ᠬᠥᠮᠦᠰ ᠬᠠᠮᠲᠤ ᠪᠠᠷ ᠰᠢᠬ᠎ᠠ ᠭᠤᠤᠯ ᠪᠠᠯᠭᠠᠰᠤᠨ ᠳᠤ ᠬᠦᠨᠵᠡᠬᠡᠶᠢᠷᠡᠨ ᠲᠠᠷᠢᠶᠠᠨ ᠭᠠᠵᠠᠷ ᠤᠨ ᠭᠠᠮᠰᠢᠭ ᠤᠨ ᠲᠠᠯᠠᠪᠠᠶ ᠶᠢ ᠬᠠᠷᠭᠤᠭᠤᠯᠤᠨ ᠪᠠᠶᠢᠴᠠᠭᠠᠵᠦ᠂ ᠲᠠᠷᠢᠶᠠᠴᠢᠤᠨ ᠤᠨ ᠠᠰᠢᠭ ᠲᠤᠰᠠ ᠶᠢ ᠦᠨᠡᠨᠬᠦ ᠴᠢᠷᠮᠠᠶᠢᠨ ᠪᠠᠳᠤᠯᠠᠵᠦ ᠪᠤᠢ᠃       2024 ᠣᠨ ᠳᠤ ᠰᠢᠬ᠎ᠠ ᠭᠤᠤᠯ ᠪᠠᠯᠭᠠᠰᠤᠨ ᠤ ᠲᠠᠭᠠᠤᠨᠬᠠᠯ ᠳᠤ ᠤᠷᠤᠭᠰᠠᠨ ᠲᠤᠭ᠎ᠠ ᠨᠡᠶᠢᠲᠡ 184 ᠲᠦᠮᠡ ᠭᠠᠷᠤᠶ ᠲᠥᠭᠦᠷᠢᠭ ᠪᠠᠶᠢᠵᠦ᠂ ᠡᠷᠳᠡᠨᠢ ᠰᠢᠰᠢ᠂ ᠨᠡᠷᠡᠨ ᠬᠤᠸᠠᠷ᠂ ᠲᠥᠮᠥᠰᠥ᠂ ᠪᠣᠭᠤᠳᠠᠶ᠂ ᠰᠢᠯᠢᠮᠳᠡᠭ ᠤᠨ ᠦᠷ᠎ᠡ᠂ ᠰᠢᠷ᠎ᠠ ᠪᠤᠷᠴᠠᠭ ᠵᠡᠷᠭᠡ 10 ᠭᠠᠷᠤᠶ ᠲᠠᠷᠢᠮᠠᠯ ᠤᠨ ᠵᠦᠢᠯ ᠢ ᠳᠠᠭᠠᠳᠬᠠᠯ ᠤᠨ ᠬᠡᠪᠴᠢᠶᠠᠨ ᠳᠤ ᠪᠠᠭᠳᠠᠭᠠᠭᠰᠠᠨ ᠪᠠᠶᠢᠨ᠎ᠠ᠃       ᠲᠠᠷᠠᠭᠠᠴᠢ ᠶᠢᠨ ᠠᠯᠬᠤᠮ ᠳᠤ᠂ ᠰᠢᠬ᠎ᠠ ᠭᠤᠤᠯ ᠪᠠᠯᠭᠠᠰᠤ ᠳᠠᠭᠠᠳᠬᠠᠯ ᠤᠨ ᠪᠠᠶᠢᠭᠤᠯᠤᠮᠵᠢ ᠶᠢᠨ ᠲᠥᠯᠥᠪᠦᠷᠢ ᠥᠭᠬᠦ ᠶᠠᠪᠤᠴᠠ ᠪᠠᠨ ᠵᠢᠷᠤᠮᠵᠢᠭᠤᠯᠬᠤ ᠶᠢ ᠢᠳᠡᠪᠬᠢᠳᠡᠢ ᠪᠠᠷ ᠰᠢᠪᠡᠳᠡᠵᠦ᠂ ᠲᠥᠯᠥᠪᠦᠷᠢ ᠦᠭᠬᠦ ᠶᠣᠰᠣᠲᠠᠶ ᠪᠦᠬᠦᠨ ᠳᠤ ᠲᠦᠯᠦᠪᠤᠷᠢ ᠤᠯᠭᠤᠨ᠂ ᠲᠠᠷᠢᠶᠠᠯᠠᠩ ᠤᠨ ᠳᠠᠭᠠᠳᠬᠠᠯ ᠢ ᠨᠠᠷᠢᠯᠢᠭᠵᠢᠭᠤᠯᠤᠨ ᠬᠥᠭᠵᠢᠭᠦᠯᠵᠦ᠂ ᠲᠠᠷᠢᠶᠠᠴᠢᠳ ᠲᠤ ᠳᠠᠭᠠᠳᠬᠠᠯ ᠤᠨ ︽ᠰᠢᠬᠦᠷ︾ ᠢ ᠰᠠᠶᠢᠲᠤᠷ ᠲᠤᠯᠭᠠᠭᠤᠷᠢᠯᠠᠵᠤ᠂ ᠲᠠᠷᠢᠶᠠᠯᠠᠩ ᠤᠨ ᠣᠳᠣᠬᠢᠴᠢᠯᠠᠯᠲᠠ ᠪᠠ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠳᠤ ᠠᠶᠤᠯ ᠲᠦᠭᠰᠢᠭᠦᠷᠢ ᠠᠴᠠ ᠰᠡᠷᠬᠡᠶᠢᠯᠡᠬᠦ ᠪᠠᠲᠤᠯᠠᠭ᠎ᠠ ᠬᠠᠩᠭᠠᠨ᠎ᠠ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ