ᠮᠡᠳᠡᠭᠳᠡᠯ ᠳᠤ᠂ ᠡᠯ᠎ᠡ ᠭᠠᠵᠠᠷ ᠤᠨ ᠬᠢᠨ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠪᠠ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ | ᠳᠦᠷᠢᠮ ᠤᠨ ᠬᠢᠨᠠᠨ ᠰᠢᠯᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠪᠤᠲᠠᠲᠠᠶᠢᠵᠢᠭᠤᠯᠤᠨ᠂ ᠬᠥᠳᠡᠭᠡ ᠲᠣᠰᠬᠤᠨ ᠤ ᠲᠠᠷᠢᠶᠠᠯᠠᠬᠤ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠶᠢᠰᠢᠩ ᠪᠠᠷᠢᠬᠤ ᠠᠵᠢᠯᠯᠠᠭ᠎ᠠ | ᠰᠢᠨ᠎ᠡ ᠪᠠᠷ ᠨᠡᠮᠡᠭᠳᠡᠬᠦ ᠶᠢ ︽ᠥᠴᠥᠬᠡᠨ ᠴᠦ ᠠᠭᠤᠴᠢᠯᠠᠬᠤ ᠦᠭᠡᠢ︾ ᠪᠠᠷ ᠬᠤᠷᠢᠭᠯᠠᠬᠤ ᠬᠡᠷᠡᠭᠲᠡᠢ᠃ ᠬᠠᠤᠯᠢ ᠲᠣᠭᠲᠠᠭᠠᠯ ᠠᠴᠠ ᠵᠥᠷᠢᠴᠡᠨ ᠣᠷᠣᠨ ᠰᠠᠭᠤᠴᠠ ᠶᠢᠨ | ᠭᠠᠵᠠᠷ ᠢ ᠬᠤᠳᠠᠯᠳᠤᠭᠠᠯᠠᠬᠤ ᠪᠠ ᠲᠣᠭᠲᠠᠭᠠᠯ ᠠᠴᠠ ᠵᠥᠷᠢᠴᠡᠨ ᠭᠡᠷ ᠪᠠᠶᠢᠰᠢᠩ ᠬᠤᠷᠰᠢᠨ ᠪᠠᠷᠢᠬᠤ ᠶᠢ ᠴᠢᠩᠭ᠎ᠠ ᠴᠠᠭᠠᠵᠠᠯᠠᠨ᠎ᠠ ᠭᠡᠵᠦ ᠲᠣᠳᠣᠷᠬᠠᠢ ᠲᠣᠭᠲᠠᠭᠠᠵᠠᠢ᠃ | ᠡᠭᠦᠨ ᠤ ᠬᠠᠮᠲᠤ᠂ ᠡᠯ᠎ᠡ ᠭᠠᠵᠠᠷ ᠤᠨ ᠬᠢᠨ ᠲᠠᠷᠢᠶᠠᠯᠠᠬᠤ ᠭᠠᠵᠠᠷ ᠢ ᠨᠥᠬᠦᠪᠦᠷᠢᠯᠡᠬᠦ ᠭᠦᠢᠴᠡᠳᠬᠡᠯ ᠲᠤᠭ᠎ᠠ ᠪᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ | ᠰᠢᠨ᠎ᠡ ᠪᠠᠷ ᠨᠡᠮᠡᠭᠳᠡᠭᠦᠯᠬᠦ ᠲᠥᠯᠥᠪᠯᠡᠭᠡ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠲᠠᠷᠢᠶᠠᠯᠠᠬᠤ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ | ᠪᠠᠶᠢᠯᠭᠠᠬᠤ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠭᠠᠵᠠᠷ ᠤᠨ | ᠶᠡᠷᠦᠩᠬᠡᠢ ᠬᠡᠮᠵᠢᠶᠡᠨ ᠤ ᠬᠥᠳᠡᠯᠦᠩᠭᠦᠢ ᠲᠡᠩᠴᠡᠭᠦᠷᠢ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ︵ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ︶ | | | |