2 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ | ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ | ᠴᠧᠩ ᠬᠤᠷᠠᠯ ᠢ ᠡᠷᠬᠢᠯᠡᠪᠡ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠭᠢᠷᠢᠨ ᠮᠤᠵᠢ ᠶᠢᠨ ᠨᠠᠮ ᠤᠨ ᠬᠤᠷᠢᠶ᠎ᠠ ᠪᠣᠯᠤᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ | ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠥᠪᠥᠷ ᠮᠣᠩᠭᠤᠯ ᠤᠨ | ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ ᠪᠠᠷ ᠵᠢᠯᠣᠭᠤᠳᠤᠮᠵᠢ ᠪᠣᠯᠭᠠᠵᠤ᠂ ᠭᠤᠣᠯᠳᠠᠯᠭ᠎ᠠ ᠲᠠᠢ ᠠᠵᠤ ᠦᠢᠯᠡᠰ ᠪᠣᠯᠤᠨ | ᠳᠠᠪᠠᠭᠤᠯᠢᠭ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠴᠢᠮ ᠢᠶᠠᠨ ᠴᠢᠩᠭᠠᠷᠠᠭᠤᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠪᠠ ᠦᠷ᠎ᠡ ᠪᠦᠲᠦᠭᠡᠯ ᠢ ᠣᠨᠳᠣᠣᠰᠢᠭᠤᠯᠬᠤ ᠶᠢ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠰᠢᠨ᠎ᠡ ᠪᠠᠷ | ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠶᠢ ᠨᠡᠩ ᠰᠠᠶᠢᠲᠤᠷ ᠠᠬᠢᠭᠤᠯᠬᠤ ᠬᠡᠷᠡᠭᠲᠡᠢ᠃ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ | ᠪᠠᠲᠤᠯᠠᠬᠤ ᠴᠢᠬᠤᠯᠠ ᠶᠡᠭᠡ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠮᠠᠯ ᠠᠵᠤ ᠠᠬᠤᠢ ᠲᠠᠷᠢᠶᠠᠯᠠᠩ ᠤᠨ ᠬᠦᠷᠢᠶᠡᠨ ᠳᠠᠬᠢ ᠥᠭᠡᠷᠡᠴᠢᠯᠡᠯᠲᠡ ᠶᠢ ᠶᠡᠭᠡ ᠪᠠᠷ | ᠠᠬᠢᠭᠤᠯᠵᠤ᠂ ︽ᠭᠠᠵᠠᠷ ᠰᠢᠷᠤᠢ᠂ ᠤᠰᠤ᠂ ᠦᠷ᠎ᠡ ᠪᠠ ᠠᠮᠤ ᠪᠤᠳᠠᠭ᠎ᠠ᠂ ᠮᠢᠬ᠎ᠠ᠂ ᠰᠦ︾ ᠵᠡᠷᠭᠡ 6 ᠭᠤᠣᠯᠳᠠᠯᠭ᠎ᠠ ᠶᠢ ᠪᠣᠳᠠᠲᠠᠢ ᠠᠳᠬᠤᠨ ᠨᠠᠷᠢᠯᠢᠭ ᠠᠳᠬᠤᠵᠤ᠂ | ︽ᠠᠮᠤ ᠪᠤᠳᠠᠭᠠᠨ ᠤ ᠦᠢᠯᠡᠳᠪᠦᠷᠢᠯᠡᠯ ᠬᠢᠭᠡᠳ ᠪᠤᠷᠤᠯᠠᠭᠤᠯᠭ᠎ᠠ ᠶᠢ ᠵᠤᠯᠭᠠᠭᠤᠯᠬᠤ︾᠂ ︽ᠮᠠᠯ ᠲᠡᠵᠢᠭᠡᠨ ᠦᠷᠡᠵᠢᠭᠦᠯᠬᠦ ᠬᠢᠭᠡᠳ ᠮᠠᠯ ᠤᠨ ᠠᠰᠢᠭ ᠰᠢᠮ᠎ᠠ ᠶᠢ | ᠡᠳ᠋ᠰᠢᠭᠦᠯᠦᠨ ᠪᠤᠯᠪᠠᠰᠤᠷᠠᠭᠤᠯᠬᠤ ᠶᠢ ᠨᠢᠭᠡ ᠴᠤᠭᠴᠠᠵᠢᠭᠤᠯᠬᠤ︾᠂ ︽ᠲᠠᠷᠢᠮᠠᠯ ᠤᠨ ᠦᠢᠯᠡᠰ ᠬᠢᠭᠡᠳ ᠲᠠᠷᠢᠶᠠᠯᠠᠩ ᠤᠨ ᠪᠦᠳᠦᠭᠡᠭᠳᠡᠭᠦᠨ ᠢ ᠡᠳ᠋ᠰᠢᠭᠦᠯᠦᠨ | ᠪᠤᠯᠪᠠᠰᠤᠷᠠᠭᠤᠯᠬᠤ ᠶᠢ ᠠᠭᠤᠰᠤᠯᠴᠠᠭᠤᠯᠤᠨ ᠬᠦᠭᠵᠢᠭᠦᠯᠬᠦ︾ ᠠᠵᠢᠯ ᠢ ᠭᠦᠢᠴᠡᠳ ᠰᠠᠶᠢᠳᠤᠷ ᠬᠢᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠲᠤᠭᠤᠰᠢᠯᠠᠭᠤᠯᠬᠤ ᠭᠠᠷᠳᠠᠴᠠ ᠶᠢ ᠪᠣᠳᠠᠲᠠᠶᠢᠵᠢᠭᠤᠯᠤᠨ ᠨᠠᠷᠢᠯᠢᠬᠵᠢᠭᠤᠯᠵᠤ᠂ ︽ | ᠭᠤᠷᠪᠠᠨ ᠰᠠᠯᠵᠤ ᠴᠢᠳᠠᠬᠤ ᠦᠭᠡᠢ︾᠂ ︽ᠲᠠᠪᠤᠨ ᠬᠠᠮᠲᠤ ᠶᠢᠨ ᠲᠠᠨᠢᠯᠲᠠ︾ ᠵᠡᠷᠭᠡ ᠣᠶᠢᠯᠠᠭᠠᠭᠳᠠᠬᠤᠨ ᠢ ᠬᠥᠮᠦᠰ ᠤᠨ ᠰᠡᠳᠭᠢᠯ ᠳᠤ ᠨᠡᠩ ᠭᠦᠨᠵᠡᠭᠡᠢ | ᠬᠠᠳᠠᠩᠰᠢᠭᠤᠯᠬᠤ ᠬᠡᠷᠡᠭᠲᠡᠢ᠃ ᠬᠢᠯᠢ ᠳᠠᠭᠠᠤ ᠣᠷᠣᠨ ᠤ ᠨᠡᠬᠡᠬᠡᠯᠳᠡ ᠶᠢ ᠥᠷᠭᠡᠳᠭᠡᠵᠦ᠂ ᠬᠢᠯᠢ ᠬᠢᠵᠠᠭᠠᠷ ᠣᠷᠣᠨ ᠤ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠬᠦ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠰᠧᠴᠤᠸᠠᠨ ᠤ ᠢ ᠪᠢᠨ ᠬᠤᠲᠠ ᠶᠢᠨ ᠵᠢᠶᠦ᠋ᠨ ᠯᠢᠶᠠᠨ ᠰᠢᠶᠠᠨ ᠤ ᠠᠭᠤᠯᠠ ᠶᠡᠭᠦᠷᠡᠭᠰᠡᠨ ᠲᠤᠬᠠᠶ | ᠦᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠠᠮᠤᠷ ᠲᠦᠪᠰᠢᠨ ᠬᠢᠬᠦ ᠡᠨᠡ ᠬᠦ ᠬᠥᠪᠴᠢ ᠶᠢ | ᠢᠮᠠᠭᠲᠠ ᠴᠢᠩᠭᠠᠯᠠᠨ᠂ ᠠᠭᠤᠷᠬᠠᠶ᠂ ᠠᠶᠤᠯᠲᠠᠶ ᠬᠢᠮᠢ ᠶᠢᠨ ᠪᠤᠳᠠᠰ᠂ ᠵᠠᠮ ᠬᠠᠷᠢᠯᠴᠠᠭ᠎ᠠ᠂ ᠪᠠᠶᠢᠭᠠᠯᠢ ᠶᠢᠨ ᠰᠢᠲᠠᠮᠠᠬᠠᠶ ᠬᠡᠶ ᠵᠡᠷᠭᠡ ᠭᠤᠤᠯᠳᠠᠯᠭ᠎ᠠ ᠲᠠᠢ ᠠᠵᠢᠯ | ᠲᠥᠷᠥᠯ ᠤᠨ ᠬᠦᠷᠢᠶ᠎ᠡ ᠶᠢ ᠴᠢᠩᠭ᠎ᠠ ᠠᠩᠬᠠᠷᠴᠤ᠂ ᠡᠯ᠎ᠡ ᠲᠥᠷᠥᠯ ᠤᠨ ᠠᠶᠤᠯ ᠲᠦᠭᠰᠢᠭᠦᠷᠢ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨ ᠬᠦ ᠬᠠᠮᠠᠭᠠᠯᠠᠬᠤ | ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠬᠠᠷᠪᠢᠨ ᠤ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ | ᠴᠤᠭᠯᠠᠭᠠᠨ ᠤ ᠡᠬᠢᠯᠡᠯᠲᠡ ᠶᠢᠨ ᠶᠣᠰᠣᠯᠠᠯ ᠤᠨ ᠤᠭᠲᠤᠬᠤ ᠲᠠᠶᠢᠯᠠᠯᠭ᠎ᠠ ᠳᠡᠭᠡᠷᠡᠬᠢ ᠪᠠᠶᠠᠷ ᠤᠨ ᠦᠭᠡ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ︽ | ᠮᠥᠰᠥ ᠴᠠᠰᠤᠨ ᠳᠤ ᠬᠤᠴᠢᠭᠳᠠᠭᠰᠠᠨ ᠮᠦᠩᠭᠦᠨ ᠴᠠᠭᠠᠨ ᠶᠢᠷᠲᠢᠨᠴᠦ ᠴᠤ ᠠᠯᠳᠠᠨ ᠠᠭᠤᠯᠠ ᠮᠥᠩᠭᠦᠨ ᠬᠠᠶᠢᠷᠬᠠᠨ ᠮᠥᠨ︾ ᠭᠡᠬᠦ ᠣᠶᠢᠯᠠᠭᠠᠭᠳᠠᠬᠤᠨ ᠢ ᠪᠠᠲᠤ ᠪᠤᠢ | ᠪᠣᠯᠭᠠᠵᠤ᠂ ᠮᠥᠰᠥ ᠴᠠᠰᠤᠨ ᠤ ᠰᠣᠶᠣᠯ ᠪᠣᠯᠤᠨ ᠮᠥᠰᠥ ᠴᠠᠰᠤᠨ ᠤ ᠠᠵᠤ ᠠᠬᠤᠢ ᠶᠢᠨ ᠬᠥᠭᠵᠢᠯᠲᠡ ᠶᠢ ᠶᠡᠭᠡ ᠪᠠᠷ ᠠᠬᠢᠭᠤᠯᠬᠤ ᠬᠡᠷᠡᠭᠲᠡᠢ᠃ ᠴᠢᠬᠤᠯᠠ | ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠦᠷᠢᠰᠦᠯᠳᠦᠬᠦ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ | ᠭᠡᠵᠦ ᠴᠢᠬᠤᠯᠠᠴᠢᠯᠠᠪᠠ᠃ | ᠬᠤᠷᠠᠯ ᠠᠴᠠ ︽ᠦᠨᠡᠨ︾ ᠰᠡᠳᠬᠦᠯ ᠳᠤ ᠨᠡᠶᠢᠲᠡᠯᠡᠭᠳᠡᠭᠰᠡᠨ ᠶᠡᠷᠦᠩᠬᠡᠶ ᠱᠦᠵᠢ ᠰᠢ ᠶᠢᠨ ᠫᠢᠩ ᠤᠨ ︽ᠬᠡᠷ ᠪᠦᠯᠢ ᠶᠢ ᠴᠢᠬᠤᠯᠠᠴᠢᠯᠠᠵᠤ᠂ ᠬᠡᠷ ᠤᠨ | ᠬᠦᠮᠦᠵᠢᠯ ᠢ ᠴᠢᠬᠤᠯᠠᠴᠢᠯᠠᠵᠤ᠂ ᠬᠡᠷ ᠤᠨ ᠰᠤᠷᠲᠠᠯ ᠢ ᠴᠢᠬᠤᠯᠠᠴᠢᠯᠠᠬᠤ ᠬᠡᠷᠡᠭᠲᠡᠶ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠬᠡᠷ ᠪᠦᠯᠢ᠂ ᠬᠡᠷ ᠤᠨ | ᠬᠥᠮᠦᠵᠢᠯ᠂ ᠬᠡᠷ ᠤᠨ ᠰᠤᠷᠲᠠᠯ ᠤᠨ ᠪᠠᠶᠢᠭᠤᠯᠤᠯᠲᠠ ᠶᠢᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ | ᠰᠣᠨᠣᠰᠬᠤ᠂ ᠨᠠᠮ ᠢᠶᠠᠨ ᠲᠠᠭᠠᠨ ᠤᠷᠤᠭᠰᠢᠯᠠᠬᠤ︾ ᠣᠯᠠᠨ ᠲᠦᠮᠡᠨᠴᠢ ᠬᠥᠮᠦᠵᠢᠯ ᠢ ᠦᠷᠭᠦᠯᠵᠢᠯᠡᠨ ᠥᠷᠨᠢᠭᠦᠯᠵᠦ᠂ ᠪᠥᠬᠦ ᠣᠷᠣᠨ ᠤ ᠠᠷᠠᠳ ᠲᠦᠮᠡᠨ ᠤ | ᠤᠯᠤᠰ ᠢᠶᠠᠨ ᠬᠠᠶᠢᠷᠠᠯᠠᠬᠤ ᠪᠠ ᠬᠡᠷ ᠢᠶᠠᠨ ᠬᠠᠶᠢᠷᠠᠯᠠᠬᠤ ᠶᠢ ᠨᠢᠭᠡᠳᠭᠡᠬᠦ ᠶᠢ ᠬᠥᠲᠥᠯᠥᠨ ᠵᠢᠯᠣᠭᠤᠳᠴᠤ᠂ ᠶᠡᠷᠦᠩᠬᠡᠶ ᠱᠦᠵᠢ ᠰᠢ ᠶᠢᠨ ᠫᠢᠩ ᠤᠨ ᠵᠢᠭᠠᠭᠰᠠᠨ | ᠴᠢᠭᠯᠡᠯ ᠢᠶᠠᠷ ᠡᠷᠡᠰ ᠭᠤᠶᠢᠪᠢᠰᠢ ᠥᠬᠡᠶ ᠤᠷᠤᠭᠰᠢᠯᠠᠬᠤ ᠬᠡᠷᠡᠭᠲᠡᠶ᠃ ᠪᠦᠬᠦ ᠣᠷᠣᠨ ᠤ ᠨᠠᠮ ᠤᠨ ᠭᠡᠰᠢᠭᠦᠨ᠂ ᠺᠠᠳ᠋ᠷ ᠪᠣᠯᠤᠨ ︽ᠬᠤᠶᠠᠷ ᠲᠥᠯᠥᠭᠡᠯᠡᠭᠴᠢ ᠨᠢᠭᠡ | ᠭᠡᠰᠢᠭᠦᠨ︾ ᠵᠡᠷᠭᠡ ᠶᠢᠨ ᠤᠬᠠᠮᠰᠠᠷ ᠠᠴᠠ ᠪᠠᠨ ᠭᠡᠷ ᠪᠦᠯᠢ᠂ ᠭᠡᠷ ᠤᠨ ᠬᠦᠮᠦᠵᠢᠯ᠂ ᠭᠡᠷ ᠤᠨ ᠰᠤᠷᠲᠠᠯ ᠤᠨ ᠪᠠᠶᠢᠭᠤᠯᠤᠯᠲᠠ ᠶᠢᠨ ᠦᠯᠢᠭᠡᠷ ᠳᠠᠭᠤᠷᠢᠶᠠᠯ ᠪᠣᠯᠬᠤ ᠶᠢ | ᠬᠥᠲᠥᠯᠥᠨ ᠵᠢᠯᠣᠭᠤᠳᠴᠤ᠂ ᠪᠦᠬᠦ ᠨᠡᠶᠢᠭᠡᠮ ᠢ ᠳᠠᠶᠢᠴᠢᠯᠠᠨ ᠤᠯᠤᠰ ᠢᠶᠠᠨ ᠬᠠᠶᠢᠷᠠᠯᠠᠬᠤ ᠭᠡᠷ ᠪᠦᠯᠢ ᠪᠠᠨ ᠬᠠᠶᠢᠷᠠᠯᠠᠬᠤ᠂ ᠬᠠᠷᠢᠯᠴᠠᠨ ᠬᠠᠶᠢᠷᠠᠯᠠᠬᠤ᠂ ᠦᠭᠡᠳᠡᠷᠬᠡᠭ | ᠴᠠᠶᠢᠯᠭᠠᠨ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠪᠣᠯᠪᠠᠰᠤᠨ ᠬᠡᠪ ᠰᠤᠷᠲᠠᠯ ᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ 2025 ᠣᠨ ᠤ ᠨᠢᠭᠡᠳᠦᠭᠡᠷ ᠤᠯᠠᠷᠢᠯ ᠤᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ | ᠲᠤᠰᠬᠠᠶ ᠠᠵᠢᠯ ᠤᠨ ᠲᠣᠭᠲᠠᠴᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ | ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ ᠤᠨ ᠠᠰᠠᠭᠤᠳᠠᠯ ᠢ ᠴᠡᠭᠴᠡᠯᠡᠨ | ᠵᠠᠰᠠᠬᠤ᠂ ︽ᠴᠢᠳᠠᠯ ᠠᠴᠠ ᠨᠢ ᠠᠬᠠᠳᠠᠭᠤᠯᠬᠤ︾ ᠶᠢ ᠴᠡᠭᠴᠡᠯᠡᠨ ᠵᠠᠰᠠᠬᠤ ᠲᠠᠢ ᠨᠢᠭᠡᠳᠦᠯᠲᠡᠶ ᠲᠥᠯᠥᠪᠯᠡᠨ ᠨᠢᠭᠡ ᠴᠣᠭᠴᠠᠵᠢᠭᠤᠯᠤᠨ ᠠᠬᠢᠭᠤᠯᠵᠤ᠂ ︽ᠳᠠᠷᠤᠭᠠᠰᠤ ᠶᠢ | ᠬᠥᠩᠭᠡᠷᠡᠭᠦᠯᠬᠦ᠂ ᠬᠦᠴᠦᠨ ᠣᠯᠭᠤᠬᠤ᠂ ᠬᠦᠴᠢᠷ ᠢ ᠰᠶᠢᠳᠪᠦᠷᠢᠯᠡᠬᠦ᠂ ᠦᠭᠡᠷᠡᠴᠢᠯᠡᠨ ᠰᠠᠶᠢᠵᠢᠷᠠᠭᠤᠯᠬᠤ᠂ ᠱᠠᠯᠠᠪᠳᠠᠭᠤᠯᠬᠤ︾ ᠶᠢ ᠯᠠᠪᠳᠠᠭᠤᠨ ᠪᠠᠲᠤᠲᠠᠶ ᠰᠠᠶᠢᠲᠤᠷ | ᠠᠳᠬᠤᠵᠤ᠂ ︽ᠭᠤᠷᠪᠠᠨ ᠠᠷᠪᠢᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠦᠷᠭᠦᠯᠵᠢᠯᠡᠨ ᠵᠠᠯᠠᠷᠠᠭᠤᠯᠵᠤ᠂ ᠪᠣᠳᠠᠲᠠᠢ ᠶᠢ ᠡᠷᠬᠢᠮᠯᠡᠬᠦ ᠠᠷᠭ᠎ᠠ | ᠬᠡᠮᠵᠢᠶ᠎ᠡ ᠪᠠᠷ ᠦᠨᠳᠦᠰᠦᠨ ᠱᠠᠲᠤᠨ ᠤ ᠠᠵᠢᠯ ᠬᠢᠵᠦ ᠦᠢᠯᠡᠰ ᠪᠤᠰᠬᠠᠬᠤ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠦᠨᠳᠦᠰᠦᠨ ᠱᠠᠲᠤᠨ ᠤ ︽ | ᠳᠠᠷᠤᠭᠠᠰᠤ ᠬᠠᠮᠢᠭ᠎ᠠ ᠠᠴᠠ ᠢᠷᠡᠭᠰᠡᠨ︾ ᠢ ᠬᠦᠨᠵᠡᠭᠡᠢ ᠰᠤᠳᠤᠯᠤᠨ᠂ ᠡᠬᠢ ᠡᠭᠦᠰᠦᠯ ᠢ ᠨᠢ ᠣᠨᠣᠪᠴᠢᠲᠠᠢ ᠡᠷᠢᠵᠦ᠂ ᠦᠨᠳᠦᠰᠦᠨ ᠱᠠᠲᠤᠨ ᠤ ᠳᠠᠷᠤᠭᠠᠰᠤ ᠶᠢ | ᠦᠨᠳᠦᠰᠦ ᠠᠴᠠ ᠨᠢ ᠬᠥᠩᠭᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠣᠳᠣᠬᠠᠨ ᠤ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠲᠤᠬᠠᠶ ᠱᠠᠭᠠᠷᠳᠠᠯᠭ᠎ᠠ ᠳᠤᠷᠠᠳᠴᠤ᠂ ᠡᠯ᠎ᠡ ᠱᠠᠲᠤᠨ ᠤ ᠬᠢᠨ ᠨᠠᠮ ᠤᠨ ᠲᠥᠪ | ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠠᠴᠠ ᠲᠣᠭᠲᠠᠭᠠᠭᠰᠠᠨ ᠲᠣᠬᠢᠷᠠᠭᠤᠯᠤᠯᠲᠠ ᠶᠣᠰᠣᠭᠠᠷ᠂ ᠪᠣᠭᠤᠮᠲᠠ ᠰᠢᠪᠲᠤᠯᠬᠤ ᠬᠠᠨᠳᠤᠰᠢ ᠪᠠ ᠰᠢᠪᠲᠤᠯᠤᠯᠲᠠ ᠶᠢᠨ ᠪᠠᠶᠢᠳᠠᠯ ᠢᠶᠠᠨ ᠪᠠᠲᠤᠯᠠᠵᠤ᠂ | ᠬᠤᠷᠳᠤᠴᠠ ᠪᠠᠨ ᠲᠦᠷᠭᠡᠳᠭᠡᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠠᠯᠠ ᠮᠦᠩᠬᠦ | ᠣᠷᠣᠭᠤᠯᠤᠨ ᠠᠪᠴᠢᠷᠠᠬᠤ᠂ ᠬᠡᠷᠡᠭᠯᠡᠭᠡ ᠶᠢ ᠥᠷᠭᠡᠳᠭᠡᠬᠦ ᠵᠡᠷᠭᠡ ᠠᠵᠢᠯ ᠢ ᠠᠬᠢᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ | ᠬᠥᠭᠵᠢᠭᠦᠯᠬᠦ ᠪᠠᠨ ᠤᠭᠳᠤ ᠰᠤᠯᠠᠷᠠᠭᠤᠯᠤᠯ ᠥᠬᠡᠶ ᠠᠳᠬᠤᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠬᠦᠴᠦᠯᠡᠨ ᠰᠢᠯᠢᠳᠡᠭᠵᠢᠭᠦᠯᠵᠦ᠂ | ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠰᠠᠶᠢᠨ ᠡᠬᠢᠯᠡᠯᠲᠡ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠲᠥᠷᠥ ᠶᠢᠨ ᠨᠠᠮ ᠤᠨ ᠵᠥᠪᠯᠡᠬᠦ ᠲᠥᠯᠥᠪᠯᠡᠭᠡ︾ ᠶᠢ ᠬᠢᠨᠠᠨ | ᠵᠥᠪᠯᠡᠪᠡ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | | |