ᠨᠢᠭᠡ ︽ᠬᠠᠮᠢᠶᠠᠷᠤᠭᠴᠢ︾ ᠠᠵᠤ ᠠᠬᠤᠶᠢᠯᠠᠯ ᠤᠨ ᠠᠴᠢᠶ᠎ᠠ ᠬᠥᠩᠭᠡᠨ ᠢᠶᠠᠷ ᠤᠷᠤᠭᠰᠢᠯᠠᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/2/27
      ᠪᠠᠶᠠᠨᠨᠠᠭᠤᠷ ᠲᠤ᠂ ︽ᠨᠢᠭᠡ ᠥᠷᠲᠡᠭᠡᠨ ᠤ ᠮᠠᠶ᠋ᠢᠭ︾ ᠤᠨ ᠠᠵᠤ ᠠᠬᠤᠶᠢᠯᠠᠯ ᠤᠨ ᠲᠥᠷᠥᠯ ᠵᠦᠢᠯ ᠤᠨ ᠬᠠᠮᠢᠶᠠᠷᠤᠭᠴᠢᠳ ᠤᠨ ᠦᠢᠯᠡᠴᠢᠯᠡᠭᠡᠨ ᠤ ᠲᠥᠪ ᠠᠵᠤ ᠠᠬᠤᠶᠢᠯᠠᠯ ‍ᠤᠨ‌ᠠᠴᠢᠶ᠎ᠠ ᠬᠥᠩᠭᠡᠨ ᠢᠶᠠᠷ ᠤᠷᠤᠭᠰᠢᠯᠠᠬᠤ ᠳᠤ ᠬᠦᠴᠦᠨ ᠨᠡᠮᠡᠷᠢᠯᠡᠵᠦ ᠪᠠᠶᠢᠨ᠎ᠠ᠃      ᠨᠢᠳᠤᠨᠤᠨ ᠤ 12 ᠰᠠᠷ᠎ᠠ ᠳᠤ᠂ ᠶᠡᠷᠦᠩᠬᠡᠢ ᠪᠡᠯᠡ ᠣᠷᠣᠭᠤᠯᠤᠯᠲᠠ ᠨᠢ 1.84 ᠳ᠋ᠦᠩᠰᠢᠭᠤᠷ ᠲᠥᠭᠦᠷᠢᠭ ᠤᠨ ᠯᠢᠨ ᠾᠧ ᠲᠣᠭᠤᠷᠢᠭ ᠤᠨ ᠪᠣᠬᠢᠷ ᠤᠰᠤᠨ ᠤ ᠬᠤᠭᠤᠯᠠᠢ ᠶᠢᠨ ᠲᠣᠣᠷ᠂ ᠬᠥᠭᠡᠷᠭᠡ ᠶᠢᠨ ᠦᠷᠳᠡᠭᠡ᠂ ᠵᠠᠮ ᠢ ᠰᠢᠨᠡᠳᠬᠡᠨ ᠥᠭᠡᠷᠡᠴᠢᠯᠡᠬᠦ ᠵᠢᠷᠭᠤᠳᠤᠭᠠᠷ ᠬᠤᠭᠤᠴᠠᠭᠠᠨ ᠤ ᠪᠠᠷᠢᠯᠭ᠎ᠠ ᠶᠢᠨ ᠲᠦᠷᠦᠯ ᠵᠦᠢᠯ ᠢ ᠪᠦᠬᠦᠨ ᠢ ᠳᠠᠭᠤᠰᠬᠠᠪᠠ᠃ ᠲᠣᠰ ᠲᠥᠷᠥᠯ ᠵᠦᠢᠯ ᠨᠢ ᠯᠢᠨ ᠾᠧ ᠲᠣᠭᠤᠷᠢᠭ ᠤᠨ 15 ᠵᠡᠭᠡᠯᠢ ᠭᠤᠳᠤᠮᠵᠢ ᠲᠠᠢ ᠬᠤᠯᠪᠣᠭᠳᠠᠵᠤ᠂ ᠤᠷᠤᠭᠰᠢᠲᠠᠶ ᠬᠡᠷᠡᠭᠵᠢᠭᠦᠯᠦᠭᠳᠡᠵᠦ᠂ ᠲᠥᠷᠥᠯ ᠵᠦᠢᠯ ᠤᠨ ᠬᠠᠮᠢᠶᠠᠷᠤᠭᠴᠢ ᠶᠢᠨ ᠦᠢᠯᠡᠴᠢᠯᠡᠭᠡᠨ ᠤ ᠲᠥᠪ ᠤᠨ ᠨᠢᠭᠡ ᠥᠷᠲᠡᠭᠡ ᠮᠠᠶ᠋ᠢᠭ᠂ ᠪᠥᠬᠦ ᠶᠠᠪᠤᠴᠠ ᠶᠢᠨ ᠦᠢᠯᠡᠴᠢᠯᠡᠭᠡ ᠠᠴᠠ ᠰᠠᠯᠵᠤ ᠴᠢᠳᠠᠬᠤ ᠥᠬᠡᠶ ᠶᠤᠮ᠃      ︽ᠮᠠᠨ ᠤ ᠬᠡᠷᠡᠭᠵᠢᠭᠦᠯᠵᠦ ᠪᠠᠶᠢᠭ᠎ᠠ ᠵᠢᠷᠭᠤᠳᠤᠭᠠᠷ ᠬᠤᠭᠤᠴᠠᠭᠠᠨ ᠤ ᠲᠥᠷᠥᠯ ᠵᠦᠢᠯ ᠤᠨ ᠭᠠᠷᠳᠠᠮ ᠨᠢ ᠣᠨᠴᠠᠭᠠᠶ ᠪᠤᠳᠤᠯᠢᠶᠠᠨᠲᠠᠶ ᠪᠠᠶᠢᠳᠠᠭ᠂ ᠡᠭᠦᠨ ᠳᠤ ᠡᠮᠦᠨᠡᠬᠢ ᠬᠤᠭᠤᠴᠠᠭᠠᠨ ᠤ ᠲᠥᠷᠥᠯ ᠵᠦᠢᠯ ᠲᠣᠭᠲᠠᠭᠠᠬᠤ᠂ ᠲᠥᠯᠥᠪᠵᠢᠭᠦᠯᠬᠦ᠂ ᠭᠠᠵᠠᠷ ᠬᠡᠷᠡᠭᠯᠡᠬᠦ᠂ ᠵᠠᠰᠠᠮᠠᠯ ᠵᠠᠮ ᠢ ᠬᠢᠨᠠᠨ ᠵᠥᠪᠰᠢᠶᠡᠷᠡᠬᠦ ᠵᠡᠷᠭᠡ ᠪᠠᠭᠲᠠᠨ᠎ᠠ᠃ ᠲᠥᠷᠥᠯ  ᠵᠦᠢᠯ ᠤᠨ ᠬᠠᠮᠢᠶᠠᠷᠤᠭᠴᠢᠳ ᠤᠨ  ᠦᠢᠯᠡᠴᠢᠯᠡᠭᠡᠨ ᠤ ᠲᠥᠪ ᠠᠴᠠ ᠲᠥᠷᠥᠯ  ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ  ᠭᠦᠢᠴᠡᠳᠬᠡᠬᠦ ᠶᠢ ᠵᠢᠯᠣᠭᠤᠳᠴᠤ᠂ ᠬᠠᠪᠰᠤᠷᠤᠨ  ᠭᠦᠢᠴᠡᠳᠬᠡᠵᠦ᠂ ᠲᠥᠷᠥᠯ  ᠵᠦᠢᠯ ᠤᠨ ᠡᠷᠲᠡᠬᠡᠨ ᠠᠵᠢᠯ ᠡᠬᠢᠯᠡᠭᠦᠯᠬᠦ ᠶᠢ ᠦᠨᠡᠨ ᠬᠦ ᠪᠠᠲᠤᠯᠠᠪᠠ︾ ᠭᠡᠵᠦ ᠥᠪᠥᠷ ᠮᠤᠩᠬᠤᠯ ᠤᠨ ᠮᠢᠩ ᠳ᠋ᠡ  ᠡᠨᠧᠷᠭᠢ  ᠶᠢᠨ  ᠢᠨᠵᠧᠨᠧᠷᠢᠩ ᠤᠨ  ᠬᠢᠵᠠᠭᠠᠷᠲᠤ ᠺᠣᠮᠫᠠᠨᠢ ᠶᠢᠨ ᠡᠮᠦᠨ᠎ᠡ  ᠬᠤᠭᠤᠴᠠᠭᠠᠨ ᠤ ᠭᠦᠢᠴᠡᠳᠬᠡᠭᠴᠢ ᠬᠡᠯᠡᠪᠡ᠃      ᠨᠢᠳᠤᠨᠤᠨ᠂ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠲᠥᠷᠥᠯ ᠵᠦᠢᠯ ᠤᠨ ᠬᠠᠮᠢᠶᠠᠷᠤᠭᠴᠢ ᠶᠢᠨ ᠦᠢᠯᠡᠴᠢᠯᠡᠭᠡᠨ ᠤ ᠲᠥᠪ ᠢ ᠰᠢᠨ᠎ᠡ ᠪᠠᠷ ᠪᠠᠶᠢᠭᠤᠯᠵᠤ᠂ ᠬᠥᠭᠵᠢᠭᠦᠯᠦᠯᠲᠡ ᠥᠭᠡᠷᠡᠴᠢᠯᠡᠯᠲᠡ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠠᠮᠢ ᠠᠬᠤᠶ ᠶᠢᠨ ᠣᠷᠴᠢᠨ ᠲᠣᠭᠤᠷᠢᠨ᠂ ᠣᠶ ᠰᠢᠭᠤᠶ ᠡᠪᠡᠰᠦ ᠪᠡᠯᠴᠢᠭᠡᠷ᠂ ᠵᠠᠮ ᠬᠠᠷᠢᠯᠴᠠᠭ᠎ᠠ ᠵᠡᠷᠭᠡ 17 ᠰᠠᠯᠠᠭ᠎ᠠ ᠮᠥᠴᠢᠷ ᠢ ᠲᠥᠪᠯᠡᠷᠡᠭᠦᠯᠦᠨ ᠵᠣᠬᠢᠶᠠᠨ ᠪᠠᠶᠢᠭᠤᠯᠵᠤ᠂ ᠪᠥᠬᠦ ᠬᠤᠲᠠ ᠶᠢᠨ ᠪᠠᠷᠢᠯᠭ᠎ᠠ ᠶᠢᠨ ᠬᠦᠷᠢᠶᠡᠨ ᠳᠠᠬᠢ ᠴᠢᠬᠤᠯᠠ ᠶᠡᠭᠡ ᠲᠥᠷᠥᠯ ᠵᠦᠢᠯ ᠢ ᠲᠣᠭᠲᠠᠭᠠᠵᠤ ᠬᠢᠨᠠᠨ ᠵᠥᠪᠰᠢᠶᠡᠷᠡᠬᠦ᠂ ᠭᠠᠵᠠᠷ ᠰᠢᠷᠣᠶ ᠬᠡᠷᠡᠭᠯᠡᠬᠦ ᠲᠥᠯᠥᠪᠵᠢᠭᠦᠯᠭᠡ᠂ ᠪᠠᠷᠢᠯᠭ᠎ᠠ ᠪᠠᠷᠢᠬᠤ ᠵᠥᠪᠰᠢᠶᠡᠷᠡᠯ ᠵᠡᠷᠭᠡ 33 ᠵᠦᠢᠯᠡᠰ ᠢ ᠪᠥᠬᠦ ᠶᠠᠪᠤᠴᠠ ᠪᠠᠷ ᠬᠠᠪᠰᠤᠷᠤᠨ ᠣᠷᠣᠯᠠᠨ ᠭᠦᠢᠴᠡᠳᠬᠡᠪᠡ᠃ ᠡᠭᠦᠨ ᠤ ᠬᠠᠮᠲᠤ᠂ ᠣᠯᠠᠨ ᠰᠠᠯᠠᠭ᠎ᠠ ᠮᠥᠴᠢᠷ ᠬᠤᠯᠪᠣᠭᠠᠯᠠᠨ᠂ ᠠᠵᠤ ᠠᠬᠤᠶᠢᠯᠠᠯ ᠢ ᠲᠤᠰᠠᠯᠠᠬᠤ ᠦᠢᠯᠡᠴᠢᠯᠡᠭᠡᠨ ᠤ ᠠᠵᠢᠯ ᠤᠨ ᠥᠷᠲᠡᠭᠡ ᠶᠢ ᠪᠠᠶᠢᠭᠤᠯᠵᠤ᠂ ᠠᠵᠤ ᠠᠬᠤᠶᠢᠯᠠᠯ ᠤᠨ ᠬᠠᠮᠲᠤ ᠶᠢᠨ ᠴᠣᠭᠴᠠ ᠶᠢ ᠪᠠᠶᠢᠭᠤᠯᠤᠨ᠂ ᠠᠵᠤ ᠠᠬᠤᠶᠢᠯᠠᠯ ᠳᠤ ︽ᠵᠠᠶ ᠥᠬᠡᠶ᠂ ᠨᠢᠭᠡ ᠥᠷᠲᠡᠭᠡ ᠮᠠᠶ᠋ᠢᠭ︾ ᠤᠨ ᠦᠢᠯᠡᠴᠢᠯᠡᠭᠡ ᠬᠠᠩᠭᠠᠪᠠ︔ ᠵᠠᠰᠠᠭ ᠪᠠᠩᠬᠢ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠠᠵᠤ ᠠᠬᠤᠶᠢᠯᠠᠯ ᠤᠨ ᠬᠦᠴᠢᠷ ᠲᠦᠪᠡᠭᠲᠡᠶ ᠠᠰᠠᠭᠤᠳᠠᠯ ᠢ ᠰᠢᠢᠳᠪᠦᠷᠢᠯᠡᠬᠦ ᠶᠢᠨ ᠬᠠᠮᠲᠤ 12345 ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠶ ᠱᠤᠭᠤᠮ ᠭᠠᠷᠭᠠᠵᠤ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤᠨᠢ ᠲᠤᠰᠴᠤ ᠰᠣᠨᠣᠰᠴᠤ ᠰᠢᠢᠳᠪᠦᠷᠢᠯᠡᠪᠡ᠃ ᠡᠨᠡ ᠵᠢᠯ᠂ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠪᠠᠰᠠ ᠠᠵᠤ ᠠᠬᠤᠶᠢᠯᠠᠯ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢᠨ ︽ᠺᠣᠳ᠋︾ ᠶᠢ ᠨᠡᠭᠡᠭᠡᠵᠦ᠂ ︽ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ ᠪᠣᠳᠠᠲᠠᠶᠢᠵᠢᠭᠤᠯᠬᠤ︾ ᠦᠢᠯᠡᠴᠢᠯᠡᠭᠡᠨ ᠤ ᠰᠢᠨ᠎ᠡ ᠵᠠᠭᠪᠤᠷ ᠢ ᠬᠡᠷᠡᠭᠵᠢᠭᠦᠯᠵᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠲᠠᠷᠢᠶᠠᠯᠠᠩ ᠤᠨ ᠬᠥᠭᠵᠢᠯᠲᠡ᠂ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠵᠡᠷᠭᠡ 14 ᠠᠵᠢᠯ ᠲᠥᠷᠥᠯ ᠤᠨ ᠲᠣᠭᠤᠷᠢᠨ ᠳᠤ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢᠨ ᠬᠥᠮᠥᠷᠭᠡ ᠶᠢ ᠪᠠᠶᠢᠭᠤᠯᠵᠤ᠂ ᠴᠠᠭ ᠲᠤᠬᠠᠶ ᠳᠤᠨᠢ ᠳᠣᠲᠣᠯᠠᠵᠤ᠂ ᠥᠨᠳᠥᠷ ᠪᠦᠲᠦᠮᠵᠢᠲᠡᠶ ᠪᠠᠷ ᠰᠢᠭᠤᠳ ᠬᠦᠷᠭᠡᠵᠦ᠂ ᠠᠵᠤ ᠠᠬᠤᠶᠢᠯᠠᠯ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠪᠡ᠃      ᠠᠵᠤ ᠠᠬᠤᠶᠢᠯᠠᠯ ᠪᠣᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠤᠣᠯ ᠴᠣᠭᠴᠠ ᠮᠥᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠪᠣᠯ ᠠᠵᠤ ᠠᠬᠤᠶᠢᠯᠠᠯ ᠤᠨ ᠣᠷᠣᠰᠢᠨ ᠲᠣᠭᠲᠠᠨᠢᠵᠤ ᠬᠥᠭᠵᠢᠬᠦ ᠶᠢᠨ ᠬᠥᠷᠥᠰᠥ ᠰᠢᠷᠣᠢ ᠮᠥᠨ᠃      ᠨᠢᠳᠤᠨᠤᠨ᠂ ᠮᠠᠨ ᠤ ᠬᠤᠲᠠ ᠶᠢᠨ 123 ᠵᠦᠢᠯ ᠤᠨ ᠥᠨᠳᠥᠷ ᠳᠠᠪᠲᠠᠮᠵᠢᠲᠤ ᠵᠦᠢᠯᠡᠰ ᠢ ᠰᠢᠢᠳᠪᠦᠷᠢᠯᠡᠬᠦ ᠶᠠᠪᠤᠴᠠ ᠶᠢ ᠴᠣᠮᠬᠠᠳᠬᠠᠨ ᠰᠢᠯᠢᠳᠡᠭᠵᠢᠭᠦᠯᠵᠦ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ︽ᠨᠢᠭᠡ ᠨᠣᠮᠧᠷ ᠢ ᠨᠡᠪᠲᠡᠷᠡᠭᠦᠯᠬᠦ︾ ᠶᠢ ᠰᠦᠯᠵᠢᠶᠡᠨ ᠳᠤ ᠣᠷᠣᠭᠤᠯᠤᠨ ᠳᠡᠯᠭᠡᠷᠡᠭᠦᠯᠵᠦ᠂ 22 ︽ᠨᠢᠭᠡ ᠶᠠᠪᠤᠳᠠᠯ︾ ᠢ ᠰᠢᠢᠳᠪᠦᠷᠢᠯᠡᠬᠦ ᠦᠷ᠎ᠡ ᠪᠦᠲᠦᠮᠵᠢ ᠶᠢ 67% ᠪᠠᠷ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠥᠬᠦ ᠶᠠᠪᠤᠴᠠ ᠶᠢ ᠰᠦᠯᠵᠢᠶ᠎ᠡ ᠪᠠᠷ ᠭᠦᠢᠴᠡᠳᠭᠡᠬᠦ ᠨᠣᠷᠮ᠎ᠠ ᠶᠢ 97% ᠳᠤ ᠬᠦᠷᠭᠡᠪᠡ᠃      ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠠᠴᠠ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠪᠠᠷ ᠤᠳᠤᠷᠢᠳᠤᠮᠵᠢ ᠪᠣᠯᠭᠠᠨ ᠲᠡᠷᠢᠭᠦᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠤᠨ ︽ᠲᠦᠭᠵᠢᠷᠡᠯ ᠢ ᠠᠷᠢᠯᠭᠠᠬᠤ︾᠂ ︽ᠨᠢᠷᠤᠭᠤ ᠶᠢ ᠲᠤᠯᠭᠠᠭᠤᠷᠢᠯᠠᠬᠤ︾᠂ ︽ᠳᠠᠷᠤᠭᠠᠰᠤ ᠶᠢ ᠬᠥᠩᠭᠡᠷᠡᠭᠦᠯᠬᠦ︾᠂ ᠬᠤᠳᠠᠯᠳᠤᠭᠠᠴᠢᠨ ᠪᠠᠶᠠᠨᠨᠠᠭᠤᠷ ᠲᠤ ᠭᠠᠷ ᠢᠶᠠᠨ ᠲᠠᠯᠪᠢᠨ ᠬᠢᠵᠦ᠂ ᠰᠠᠨᠠᠭ᠎ᠠ ᠠᠮᠤᠷ ᠪᠠᠯᠠ ᠣᠷᠣᠭᠤᠯᠵᠤ᠂ ᠴᠢᠯᠥᠭᠡᠲᠡᠶ ᠲᠠᠯᠪᠢᠵᠤ ᠶᠠᠪᠤᠭᠤᠯᠤᠨ᠎ᠠ ᠭᠡᠵᠦ ᠳᠤᠷᠠᠳᠪᠠ᠃      ᠡᠨᠡ ᠵᠢᠯ᠂ ᠮᠠᠨ ᠤ ᠬᠤᠲᠠ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠳᠤ  ᠦᠢᠯᠡᠴᠢᠯᠡᠵᠦ᠂ ︽ᠠᠵᠤ ᠠᠬᠤᠶᠢᠯᠠᠯ ᠠᠰᠠᠭᠤᠳᠠᠯ ᠳᠠᠳᠠᠬᠤ᠂ ᠵᠠᠰᠠᠭ ᠤᠨ ᠣᠷᠳᠣᠨ ᠰᠡᠳᠦᠪ ᠰᠢᠢᠳᠪᠦᠷᠢᠯᠡᠬᠦ︾ ᠶᠢ ᠪᠠᠶᠢᠩᠭᠤᠵᠢᠭᠤᠯᠤᠨ ᠥᠷᠨᠢᠭᠦᠯᠵᠦ᠂ ᠠᠰᠠᠭᠤᠳᠠᠯ ᠴᠤᠭᠯᠠᠭᠤᠯᠬᠤ᠂ ᠬᠤᠪᠢᠶᠠᠨ ᠭᠦᠶ᠋ᠴᠡᠳᠬᠡᠬᠦ᠂  ᠰᠢᠢᠳᠪᠦᠷᠢᠯᠡᠬᠦ᠂ ᠬᠠᠷᠢᠭᠤ ᠲᠤᠰᠬᠠᠬᠤ ᠪᠢᠲᠡᠭᠦᠮᠵᠢᠯᠡᠭᠰᠡᠨ ᠴᠠᠭᠠᠷᠢᠭ ᠢ ᠪᠦᠷᠢᠯᠳᠦᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢ ᠨᠥᠯᠥᠭᠡᠯᠡᠵᠦ ᠪᠠᠶᠢᠭ᠎ᠠ ᠲᠣᠪᠤᠶᠢᠮ᠎ᠠ ᠠᠰᠠᠭᠤᠳᠠᠯ ᠢ ᠬᠦᠴᠦᠯᠡᠨ  ᠰᠢᠢᠳᠪᠦᠷᠢᠯᠡᠨ᠎ᠡ᠃ ︽ᠠᠰᠠᠷᠠᠭᠴᠢ︾ ᠶᠢᠨ ᠦᠵᠡᠯ ᠤᠬᠠᠮᠰᠠᠷ ᠢ ᠴᠢᠩᠭᠠᠷᠠᠭᠤᠯᠵᠤ᠂ ᠠᠵᠤ ᠠᠬᠤᠶᠢᠯᠠᠯ ᠢ ᠪᠥᠬᠦ ᠬᠦᠴᠦᠨ ᠢᠶᠠᠷ ᠢᠶᠠᠨ ᠬᠠᠪᠰᠤᠷᠤᠨ ᠵᠠᠬᠢᠶᠠᠯᠠᠭ᠎ᠠ ᠶᠢᠨ ᠬᠠᠭᠤᠳᠠᠰᠤ ᠶᠢ ᠨᠡᠮᠡᠭᠳᠡᠭᠦᠯᠵᠦ᠂ ᠵᠠᠬ᠎ᠠ ᠳᠡᠯᠭᠡᠭᠦᠷ ᠢ ᠥᠷᠭᠡᠳᠬᠡᠨ᠂ ᠪᠠᠯᠠ ᠲᠣᠬᠢᠷᠠᠭᠤᠯᠭ᠎ᠠ ᠶᠢᠨ ᠳᠥᠭᠦᠮ ᠳᠥᠲᠡ ᠬᠡᠮᠵᠢᠶ᠎ᠡ ᠪᠠ ᠪᠣᠯᠤᠮᠵᠢᠲᠤ ᠴᠢᠨᠠᠷ ᠢ ᠳᠡᠭᠡᠭᠰᠢᠯᠡᠭᠦᠯᠵᠦ᠂ ᠠᠵᠤ ᠠᠬᠤᠶᠢᠯᠠᠯ ᠪᠠ ᠠᠵᠤ ᠠᠬᠤᠶᠢᠯᠠᠯᠲᠠᠨ ᠳᠤ ᠦᠨᠡᠨᠬᠦ ᠲᠥᠬᠦᠮ ᠦᠵᠡᠭᠦᠯᠬᠦ ᠬᠡᠷᠡᠭᠲᠡᠶ᠃ ᠠᠵᠤ ᠠᠬᠤᠶᠢᠯᠠᠯᠲᠠᠨ ᠢ ᠦᠨᠡᠨ ᠰᠡᠳᠬᠢᠯ ᠠᠴᠠ ᠪᠠᠨ ᠬᠦᠨᠳᠦᠳᠬᠡᠵᠦ᠂ ᠦᠨᠡᠨᠴᠢ ᠪᠠᠷ ᠨᠠᠶᠢᠵᠠᠯᠠᠵᠤ᠂ ᠡᠯ᠎ᠡ ᠵᠦᠢᠯ ᠤᠨ ᠪᠡᠯᠡᠭ ᠢ ᠪᠣᠳᠠᠲᠠᠢ ᠨᠠᠶᠢᠳᠠᠪᠤᠷᠢᠵᠢᠭᠤᠯᠵᠤ᠂ ᠨᠡᠩ ᠤᠯᠠᠨ ᠠᠵᠤ ᠠᠬᠤᠶᠢᠯᠠᠯ ᠢ ᠮᠠᠨ ᠤ ᠬᠤᠲᠠ ᠳᠤ ᠰᠠᠨᠠᠭ᠎ᠠ ᠠᠮᠤᠷ ᠪᠡᠯᠡ ᠣᠷᠣᠭᠤᠯᠬᠤ᠂ ᠰᠠᠨᠠᠭ᠎ᠠ ᠠᠮᠤᠷ ᠡᠵᠡᠩᠨᠡᠬᠦ᠂ ᠰᠠᠨᠠᠭ᠎ᠠ ᠠᠮᠤᠷ ᠬᠥᠭᠵᠢᠭᠦᠯᠬᠦ ᠪᠣᠯᠭᠠᠬᠤ ᠬᠡᠷᠡᠭᠲᠡᠢ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ