ᠮᠠᠨ ᠤ ᠬᠤᠲᠠ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠪᠠᠶᠢᠷᠢᠰᠢᠭᠤᠯᠤᠯᠲᠠ ᠶᠢᠨ ᠳᠠᠭᠠᠭᠠᠴᠠ ᠶᠢᠨ ᠬᠤᠲᠠ ᠪᠠᠷ ᠰᠣᠩᠭᠤᠭᠳᠠᠪᠠ
ᠨᠡᠶᠢᠲᠡᠯᠡᠭᠰᠡᠨ ᠴᠠᠭ᠄
2025/2/27
      ᠣᠶᠢᠷ᠎ᠠ ᠳᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ︽ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠲᠣᠬᠢᠷᠠᠭᠤᠯᠬᠤ ᠲᠥᠰᠦᠯ︾ ᠢ ᠳᠠᠷᠤᠮᠠᠯᠯᠠᠨ ᠲᠠᠷᠬᠠᠭᠠᠵᠤ᠂ ᠮᠠᠨ ᠤ ᠬᠤᠲᠠ ᠶᠢ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠪᠠᠶᠢᠷᠢᠰᠢᠭᠤᠯᠤᠯᠲᠠ ᠶᠢᠨ ᠳᠠᠭᠠᠭᠠᠴᠠ ᠶᠢᠨ ᠬᠤᠲᠠ ᠳᠤ ᠣᠷᠣᠭᠤᠯᠤᠨ᠂ ᠪᠠᠶᠠᠨᠨᠠᠭᠤᠷ ︵ᠭᠠᠭᠴᠠ ᠮᠣᠳᠣ︶ ᠶᠢᠨ ᠡᠬᠡ ᠬᠠᠭᠤᠷᠠᠶ ᠳᠡᠭᠡᠷᠡᠬᠢ ᠬᠢᠯᠢ ᠶᠢᠨ ᠪᠣᠭᠤᠮᠲᠠ ᠶᠢᠨ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠪᠠ᠃      ᠪᠠᠶᠠᠨᠨᠠᠭᠤᠷ ︵ᠭᠠᠭᠴᠠᠮᠤᠳᠤ︶︶ ᠤᠨ ᠬᠠᠭᠤᠷᠠᠢ ᠳᠡᠭᠡᠷᠡᠬᠢ ᠬᠢᠯᠢ ᠶᠢᠨ ᠪᠣᠭᠤᠮᠲᠠ ᠶᠢᠨ ᠬᠡᠯᠪᠡᠷᠢ ᠶᠢᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠡᠵᠡᠯᠡᠬᠦ ᠲᠠᠯᠠᠪᠠᠶ ᠨᠢ 19.47 ᠲᠡᠭᠰᠢ ᠳᠥᠷᠪᠡᠯᠵᠢᠨ  ᠺᠢᠯᠣᠮᠧᠲᠷ ᠪᠠᠶᠢᠵᠤ᠂ ᠭᠠᠭᠴᠠᠮᠣᠳᠣ ᠪᠣᠭᠤᠮᠲᠠ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠪᠠ ᠭᠠᠭᠴᠠᠮᠣᠳᠣ ᠪᠣᠭᠤᠮᠲᠠ ᠶᠢᠨ ᠡᠳ᠋ᠰᠢᠭᠦᠯᠬᠦ ᠬᠦᠷᠢᠶᠡᠯᠡᠩ ᠲᠣᠭᠤᠷᠢᠭ ᠤᠨ ᠡᠮᠦᠨ᠎ᠡ ᠤᠮᠠᠷ᠎ᠠ ᠬᠤᠶᠠᠷ ᠬᠡᠰᠡᠭ ᠣᠷᠣᠨ ᠢ ᠪᠠᠭᠲᠠᠭᠠᠵᠤ᠂ ᠤᠯᠤᠰ ᠤᠨ ᠳᠣᠲᠣᠭᠠᠳᠤ ᠪᠠ ᠣᠯᠠᠨ ᠤᠯᠤᠰ ᠤᠨ ᠨᠢᠭᠡ ᠴᠣᠭᠴᠠᠵᠢᠭᠤᠯᠤᠭᠰᠠᠨ ᠵᠠᠰᠠᠮᠠᠯ ᠵᠠᠮ ᠲᠡᠮᠦᠷ ᠵᠠᠮ ᠤᠨ ᠬᠠᠮᠲᠤᠷᠠᠭᠰᠠᠨ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ᠂ ᠣᠷᠣᠨ ᠪᠦᠰᠡ ᠠᠯᠤᠰᠯᠠᠨ ᠪᠣᠭᠤᠮᠲᠠ ᠥᠩᠭᠡᠷᠡᠬᠦ ᠶᠢ ᠨᠢᠭᠡ ᠴᠣᠭᠴᠠᠵᠢᠭᠤᠯᠤᠭᠰᠠᠨ᠂ ᠪᠣᠭᠤᠮᠲᠠ ᠶᠢᠨ ᠣᠨᠴᠠᠭᠠᠶ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡ᠂ ᠣᠯᠠᠨ ᠤᠯᠤᠰ ᠤᠨ ᠰᠣᠯᠢᠵᠤ ᠠᠴᠢᠶᠠᠯᠠᠬᠤ ᠵᠣᠬᠢᠶᠠᠨ ᠪᠠᠶᠢᠭᠤᠯᠤᠯᠲᠠ ᠶᠢᠨ ᠳᠥᠷᠪᠡᠨ ᠶᠡᠭᠡ ᠦᠨᠳᠦᠰᠦᠨ ᠴᠢᠳᠠᠮᠵᠢ ᠪᠠ ᠣᠯᠠᠨ ᠤᠯᠤᠰ ᠤᠨ ᠬᠠᠩᠭᠠᠯᠭ᠎ᠠ ᠶᠢᠨ ᠬᠡᠯᠬᠢᠶᠡᠰᠦ ᠶᠢᠨ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ᠂ ᠡᠳ᠋ ᠪᠣᠳᠠᠰ ᠤᠨ ᠨᠥᠭᠡᠴᠡᠯᠡᠯᠲᠡ ᠶᠢᠨ ᠴᠢᠳᠠᠮᠵᠢ᠂ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠮᠵᠢ ᠵᠡᠷᠭᠡ ᠳᠥᠷᠪᠡᠨ ᠶᠡᠭᠡ ᠤᠷᠲᠤᠳᠬᠠᠭᠰᠠᠨ ᠴᠢᠳᠠᠮᠵᠢ ᠶᠢ ᠭᠤᠤᠯᠳᠠᠯᠭ᠎ᠠ ᠲᠠᠢ ᠪᠣᠶ ᠪᠣᠯᠭᠠᠪᠠ᠃      ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠣᠷᠣᠨ ᠪᠠᠶᠢᠷᠢ ᠶᠢᠨ ᠳᠠᠪᠠᠭᠤᠯᠢᠭ ᠲᠠᠭᠠᠨ ᠰᠠᠭᠤᠷᠢᠯᠠᠨ᠂ ᠬᠠᠭᠤᠷᠠᠶ ᠳᠡᠭᠡᠷᠡᠬᠢ ᠬᠢᠯᠢ ᠶᠢᠨ ᠪᠣᠭᠤᠮᠲᠠ ᠶᠢᠨ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢ ᠡᠭᠦᠳᠦᠨ ᠪᠠᠶᠢᠭᠤᠯᠬᠤ ᠶᠢ ᠴᠢᠨᠠᠷ ᠰᠠᠶᠢᠲᠠᠶ ᠠᠬᠢᠭᠤᠯᠵᠤ᠂ ᠬᠦᠢᠰᠦ ᠶᠢᠨ ᠡᠬᠢ ᠪᠠᠶᠠᠯᠢᠭ ᠢ ᠲᠥᠪᠯᠡᠷᠡᠭᠦᠯᠬᠦ ᠪᠠ ᠣᠷᠣᠨ ᠪᠦᠰᠡ ᠶᠢᠨ ᠨᠥᠯᠥᠭᠡᠯᠡᠬᠦ ᠦᠢᠯᠡᠳᠦᠯ ᠢ ᠭᠦᠢᠴᠡᠳ ᠪᠠᠳᠠᠷᠠᠭᠤᠯᠤᠨ᠂ ︽ᠨᠡᠪᠲᠡᠷᠡᠬᠦ ᠵᠠᠮ ᠤᠨ ᠬᠦᠢᠰᠦ ᠶᠢᠨ ᠲᠣᠤᠷ ᠰᠦᠯᠵᠢᠶ᠎ᠡ︾ ᠶᠢᠨ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠢᠯᠯᠠᠭᠠᠨ ᠤ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ