ᠨᠡᠷᠡᠲᠦ ᠲᠡᠮᠳᠡᠭ ᠤᠨ ᠦᠷᠲᠡᠭ 27.62 ᠳ᠋ᠦᠩᠰᠢᠭᠤᠷ ᠲᠦᠭᠦᠷᠢᠭ ᠲᠤ  ᠬᠦᠷᠪᠡ᠂ ︽ᠪᠣᠷᠣᠲᠣᠬᠤᠶ ᠶᠢᠨ ᠨᠡᠷᠡᠨ ᠬᠤᠸᠠᠷ︾᠎ ᠨᠢ ︽ᠳᠤᠮᠳᠠᠳᠤ ᠤᠯᠤᠰ ᠤᠨ ᠲᠠᠷᠢᠶᠠᠯᠠᠩ ᠤᠨ ᠨᠠᠷᠠᠲᠤ  ᠲᠡᠮᠳᠡᠭ ᠤᠨ ᠭᠠᠷᠴᠠᠭ︾᠎ ᠲᠤ ᠰᠣᠩᠭᠤᠭᠳᠠᠪᠠ
ᠨᠡᠶᠢᠲᠡᠯᠡᠭᠰᠡᠨ ᠴᠠᠭ᠄
2025/3/14
      ᠣᠶᠢᠷ᠎ᠠ ᠳᠤ᠂ ︽ᠰᠢᠨ᠎ᠡ ᠴᠢᠨᠠᠷ ᠤᠨ ᠬᠥᠳᠡᠯᠭᠡᠭᠦᠷ ᠨᠠᠷᠠᠲᠤ ᠲᠡᠮᠳᠡᠭ ᠢᠶᠠᠷ ᠵᠠᠮᠴᠢᠯᠠᠬᠤ︾᠎ ᠪᠠᠷ ᠭᠤᠤᠯ ᠰᠡᠳᠦᠪ ᠪᠣᠯᠭᠠᠭᠰᠠᠨ ᠠᠷᠪᠠᠨ ᠨᠢᠭᠡᠳᠦᠭᠡᠷ ᠬᠤᠭᠤᠴᠠᠭᠠᠨ ᠤ ᠥᠪᠥᠷ ᠮᠣᠩᠭᠤᠯ ᠤᠨ ᠨᠠᠷᠠᠲᠤ ᠲᠡᠮᠳᠡᠭᠲᠦ ᠶᠢᠨ ᠶᠡᠭᠡ ᠬᠤᠷᠠᠯ ᠬᠥᠬᠡᠬᠤᠲᠠ ᠳᠤ ᠬᠤᠷᠠᠯᠳᠤᠪᠠ᠃      ᠬᠤᠷᠠᠯ ᠠᠴᠠ 2024 ᠣᠨ ᠤ ᠥᠪᠥᠷ ᠮᠣᠩᠭᠤᠯ ᠤᠨ ᠨᠠᠷᠠᠲᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠨᠡᠷᠡᠰ᠂ ᠨᠠᠷᠠᠲᠤ ︵ᠵᠠᠭᠤᠨ ᠬᠦᠴᠦᠷᠬᠡᠭ︶ ᠨᠠᠷᠠᠲᠤ ᠲᠥᠷᠥᠯ ᠲᠡᠮᠳᠡᠭᠲᠦ ᠶᠢᠨ ᠨᠡᠷᠡᠰ ᠤᠨ ᠵᠢᠭᠰᠠᠭᠠᠯᠲᠠ᠂ ᠨᠠᠷᠠᠲᠤ ︵ᠰᠢᠯᠢᠳᠡᠭ︶  ᠲᠡᠮᠳᠡᠭ  ᠤᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠪᠡ᠃ ᠮᠠᠨ ᠤ ᠬᠤᠲᠠ ᠶᠢᠨ ︽ᠲᠡᠭᠷᠢ ᠶᠢᠨ ᠬᠡᠰᠢᠭᠲᠦ ᠪᠣᠷᠣᠲᠣᠬᠤᠶ︾ ︽ᠪᠣᠷᠣᠲᠣᠬᠤᠶ ᠶᠢᠨ ᠨᠠᠷᠠᠨ ᠬᠤᠸᠠᠷ︾ ︽ᠪᠠᠶᠠᠨᠨᠠᠭᠤᠷ ᠤᠨ ᠪᠤᠭᠤᠳᠠᠶ︾ ᠥᠪᠥᠷ ᠮᠣᠩᠭᠤᠯ ᠤᠨ ᠨᠠᠷᠠᠲᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠭᠥᠷᠳᠡᠵᠦ᠂ ᠡᠮᠦᠨ᠎ᠡ 20 ᠨᠡᠷ᠎ᠡ ᠳᠤ ᠣᠷᠣᠪᠠ᠃ ᠪᠣᠷᠣᠲᠣᠬᠤᠶ᠂ ᠾᠧᠩ ᠹᠧᠩ᠂ ᠤᠣ ᠹᠸᠢ ᠯᠢ᠂ ᠲᠠᠯ᠎ᠠ ᠨᠤᠲᠤᠭ ᠤᠨ ᠰᠢᠨ ᠾᠧ᠂ ᠰᠠᠨ ᠫᠠᠩ ᠳ᠋ᠠᠨ ᠵᠡᠷᠭᠡ 10 ᠠᠵᠤ ᠠᠬᠤᠶᠢᠯᠠᠯ ᠤᠨ ᠨᠠᠷᠠᠲᠤ ᠲᠡᠮᠳᠡᠭ ᠥᠪᠥᠷ ᠮᠣᠩᠭᠤᠯ ᠤᠨ ᠨᠠᠷᠠᠲᠤ  ᠲᠡᠮᠳᠡᠭ ᠲᠤ ᠰᠣᠩᠭᠤᠭᠳᠠᠪᠠ᠃ ᠪᠠ ᠮᠠᠶ ᠂ ᠽᠣᠣ ᠰᠢᠶᠤᠤ ᠮᠧᠶ᠂ ᠮᠢᠨ ᠯᠦᠩ᠂ ᠢᠦᠶ ᠱᠠᠨ ᠴᠦᠨ᠂ ᠴᠢᠦ ᠰᠢᠶᠠ ᠭᠤᠯᠢᠷ  ᠤᠨ ᠬᠥᠮᠦᠨ ᠵᠡᠷᠭᠡ 5 ᠠᠵᠤ ᠠᠬᠤᠶᠢᠯᠠᠯ ᠤᠨ ᠨᠠᠷᠠᠲᠤ ᠲᠡᠮᠳᠡᠭ ᠨᠢ ᠥᠪᠥᠷ ᠮᠣᠩᠭᠤᠯ ᠤᠨ ᠨᠠᠷᠠᠲᠤ  ᠲᠡᠮᠳᠡᠭ  ︵ᠰᠢᠯᠢᠳᠡᠭ︶ ᠎ ᠤᠨ ᠨᠡᠷᠡᠰ ᠤᠨ ᠵᠢᠭᠰᠠᠭᠠᠯᠲᠠ ᠳᠤ ᠰᠣᠩᠭᠤᠭᠳᠠᠪᠠ᠃      ︽ᠨᠠᠷᠠᠲᠤ ᠲᠡᠮᠳᠡᠭ ᠤᠨ ᠠᠵᠢᠭᠯᠠᠯᠲᠠ︾ ᠰᠡᠳᠬᠦᠯ ᠤᠨ ᠬᠤᠷᠢᠶ᠎ᠠ᠂ ᠨᠠᠷᠠᠲᠤ ᠲᠡᠮᠳᠡᠭ ᠤᠨ ᠠᠵᠢᠭᠯᠠᠯᠲᠠ ᠶᠢᠨ ᠰᠤᠳᠤᠯᠭᠠᠨ ᠤ ᠬᠦᠷᠢᠶᠡᠯᠡᠩ ᠵᠢᠴᠢ ᠲᠡᠭᠦᠨ ᠤ ᠪᠡᠶ᠎ᠡ ᠪᠠᠨ ᠳᠠᠭᠠᠭᠠᠭᠰᠠᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠦᠨᠡᠯᠡᠯᠲᠡ ᠪᠠᠷ ᠳᠡᠮᠵᠢᠨ᠂ ᠥᠪᠥᠷ ᠮᠣᠩᠭᠤᠯ ᠤᠨ ᠨᠠᠷᠠᠲᠤ ᠲᠡᠮᠳᠡᠭ ᠢ ᠮᠠᠭᠠᠳᠯᠠᠨ ᠲᠣᠭᠲᠠᠭᠠᠬᠤ ᠺᠣᠮᠢᠰ ᠠᠴᠠ ᠳᠠᠬᠢᠨ ᠬᠠᠷᠭᠤᠭᠤᠯᠵᠤ᠂ ᠮᠠᠨ ᠤ ᠬᠤᠲᠠ ᠶᠢᠨ ︽ᠲᠡᠭᠷᠢ ᠶᠢᠨ ᠬᠡᠰᠢᠭᠲᠦ ᠪᠣᠷᠣᠲᠣᠬᠤᠶ︾᠎ ᠶᠢᠨ ᠨᠠᠷᠠᠲᠤ ᠲᠡᠮᠳᠡᠭ ᠤᠨ ᠥᠷᠲᠡᠭ ᠨᠢ 309.67 ᠳ᠋ᠦᠩᠰᠢᠭᠤᠷ ᠲᠥᠭᠦᠷᠢᠭ ᠲᠤ ᠬᠦᠷᠴᠦ᠂ ︽ᠪᠣᠷᠣᠲᠣᠬᠤᠶ ᠶᠢᠨ ᠨᠡᠷᠡᠨ ᠬᠤᠸᠠᠷ ᠤᠨ ᠨᠠᠷᠠᠲᠤ ᠲᠡᠮᠳᠡᠭ ᠤᠨ ᠥᠷᠲᠡᠭ ᠨᠢ 27.62 ᠳ᠋ᠦᠩᠰᠢᠭᠤᠷ ᠲᠥᠭᠦᠷᠢᠭ ᠲᠤ ᠬᠦᠷᠴᠦ᠂ ︽ᠪᠠᠶᠠᠨᠨᠠᠭᠤᠷ ᠤᠨ ᠪᠤᠭᠤᠳᠠᠶ︾᠎ ᠶᠢᠨ ᠨᠠᠷᠠᠲᠤ ᠲᠡᠮᠳᠡᠭ ᠤᠨ ᠥᠷᠲᠡᠭ ᠨᠢ 14.27 ᠳ᠋ᠦᠩᠰᠢᠭᠤᠷ ᠲᠥᠭᠦᠷᠢᠭ ᠲᠤ ᠬᠦᠷᠴᠡᠶ᠃      ᠳᠠᠷᠠᠭ᠎ᠠ ᠨᠢ᠂ ᠬᠤᠷᠠᠯ ᠠᠴᠠ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︽ᠲᠠᠷᠢᠶᠠᠯᠠᠩ ᠤᠨ ᠨᠠᠷᠠᠲᠤ ᠲᠡᠮᠳᠡᠭ ᠤᠨ ᠰᠣᠳᠣᠨ ᠪᠦᠲᠦᠭᠡᠯ ᠢ ᠪᠤᠶᠢᠵᠢᠭᠤᠯᠬᠤ ᠲᠥᠯᠥᠪᠯᠡᠭᠡ︾᠂ ᠳᠤᠮᠳᠠᠳᠤ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠨᠡᠶᠢᠭᠡᠮᠯᠢᠭ ᠤᠨ ︽ᠳᠤᠮᠳᠠᠳᠤ ᠤᠯᠤᠰ ᠤᠨ ᠲᠠᠷᠢᠶᠠᠯᠠᠩ ᠤᠨ ᠨᠠᠷᠠᠲᠤ ᠲᠡᠮᠳᠡᠭ ᠤᠨ ᠭᠠᠷᠴᠠᠭ︾᠎ ᠲᠤ ᠰᠣᠩᠭᠤᠭᠳᠠᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠵᠠᠷᠯᠠᠨ ᠮᠡᠳᠡᠭᠳᠡᠪᠡ᠃ ᠮᠠᠨ ᠤ ᠬᠤᠲᠠ ᠶᠢᠨ ︽ᠪᠣᠷᠣᠲᠣᠬᠤᠶ ᠶᠢᠨ ᠨᠡᠷᠡᠨ ᠬᠤᠸᠠᠷ︾᠎ ᠢ ︽ᠳᠤᠮᠳᠠᠳᠤ ᠤᠯᠤᠰ ᠤᠨ ᠲᠠᠷᠢᠶᠠᠯᠠᠩ ᠤᠨ ᠨᠠᠷᠠᠲᠤ ᠲᠡᠮᠳᠡᠭ ᠤᠨ ᠭᠠᠷᠴᠠᠭ︾᠎ ᠲᠤ ᠠᠮᠵᠢᠯᠲᠠ ᠲᠠᠢ ᠪᠠᠷ ᠣᠷᠣᠭᠤᠯᠪᠠ᠂ ᠡᠨᠡ ᠪᠣᠯ ᠮᠠᠨ ᠤ ᠬᠤᠲᠠ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠡᠭᠦᠳᠦᠨ ᠪᠠᠶᠢᠭᠤᠯᠬᠤ ᠶᠢᠨ ᠨᠢᠭᠡᠨ ᠴᠢᠬᠤᠯᠠ ᠦᠷ᠎ᠡ ᠪᠦᠲᠦᠭᠡᠯ ᠪᠣᠯᠤᠨ᠎ᠠ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ