ᠠᠯᠪᠠᠨ ᠵᠠᠷᠯᠠᠯ
ᠨᠡᠶᠢᠲᠡᠯᠡᠭᠰᠡᠨ ᠴᠠᠭ᠄
2025/4/23
      ︽ᠲᠡᠭᠷᠢ ᠶᠢᠨ ᠬᠡᠰᠢᠭᠲᠦ ᠪᠣᠷᠣᠲᠣᠬᠤᠶ︾ ᠣᠷᠣᠨ ᠪᠦᠰᠡ ᠶᠢᠨ ᠨᠠᠷᠠᠲᠤ ᠲᠡᠮᠳᠡᠭᠲᠦ ᠶᠢᠨ ᠡᠷᠬᠡ ᠣᠯᠭᠤᠭᠰᠠᠨ ᠠᠵᠤ ᠠᠬᠤᠶᠢᠯᠠᠯ ᠥᠪᠥᠷ ᠮᠣᠩᠭᠤᠯ ᠤᠨ ᠮᠧᠩ ᠨᠢᠦ ᠱᠧᠩ ᠮᠥ ᠳᠡᠭᠡᠳᠦ ᠰᠢᠨᠵᠢᠯᠡᠬᠦ ᠤᠬᠠᠭᠠᠨ ᠤ ᠴᠠᠭᠠᠨ ᠢᠳᠡᠭᠡᠨ ᠤ ᠬᠢᠵᠠᠭᠠᠷᠲᠤ ᠺᠣᠮᠫᠠᠨᠢ ᠶᠢᠨ 2 ᠵᠦᠢᠯ ᠤᠨ ᠡᠷᠬᠡ ᠣᠯᠭᠤᠭᠰᠠᠨ ᠦᠢᠯᠡᠳᠬᠦᠨ ︵ᠣᠷᠭᠠᠨᠢᠭ ᠴᠡᠪᠡᠷ ᠰᠦ 250m12 ᠬᠠᠶᠢᠷᠴᠠᠭ᠂ ᠣᠷᠭᠠᠨᠢᠭ ᠡᠭᠡᠳᠡᠭᠰᠡᠨ ᠰᠦ 205g × 12 ᠬᠠᠶᠢᠷᠴᠠᠭ︶᠂ ᠥᠪᠥᠷ ᠮᠣᠩᠭᠤᠯ ᠤᠨ ᠶᠢᠨ ᠪᠥᠸᠧ ᠯᠢ ᠲᠠᠷᠢᠶᠠᠯᠠᠩ ᠤᠨ ᠲᠠᠯᠠᠪᠠᠶ ᠶᠢᠨ ᠬᠢᠵᠠᠭᠠᠷᠲᠤ ᠺᠣᠮᠫᠠᠨᠢ ᠶᠢᠨ 4 ᠵᠦᠢᠯ ᠤᠨ ᠡᠷᠬᠡ ᠣᠯᠭᠤᠭᠰᠠᠨ ᠦᠢᠯᠡᠳᠬᠦᠨ ︵ᠪᠠᠯᠲᠤ ᠬᠡᠮᠬᠡ᠂ ᠲᠠᠷᠪᠤᠰ᠂ ᠲᠥᠪᠡᠳ ᠬᠠᠰᠢ᠂ ᠯᠠᠩᠭᠤᠸᠠ︶ ᠱᠠᠭᠠᠷᠳᠠᠯᠭ᠎ᠠ ᠶᠣᠰᠣᠭᠠᠷ ︽ᠲᠡᠭᠷᠢ ᠶᠢᠨ ᠬᠡᠰᠢᠭᠲᠦ ᠪᠣᠷᠣᠲᠣᠬᠤᠶ︾ ᠣᠷᠣᠨ ᠪᠦᠰᠡ ᠶᠢᠨ ᠨᠠᠷᠠᠲᠤ ᠲᠡᠮᠳᠡᠭᠲᠦ ᠶᠢᠨ ᠬᠠᠮᠢᠶᠠᠷᠤᠯᠲᠠ ᠶᠢᠨ ᠠᠷᠭ᠎ᠠ ᠶᠢ ᠬᠡᠷᠡᠭᠯᠡᠭᠰᠡᠨ ᠥᠬᠡᠶ᠂ ︽︿ᠲᠡᠭᠷᠢ ᠶᠢᠨ ᠬᠡᠰᠢᠭᠲᠦ ᠪᠣᠷᠣᠲᠣᠬᠤᠶ﹀ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠶᠢᠨ ᠬᠠᠮᠢᠶᠠᠷᠤᠯᠲᠠ ᠶᠢᠨ ᠠᠷᠭ᠎ᠠ︾᠎ ᠶᠢᠨ ᠬᠤᠷᠢᠳᠤᠭᠠᠷ ᠵᠦᠢᠯ ᠤᠨ ᠨᠢᠭᠡᠳᠦᠭᠡᠷ ᠵᠤᠷᠪᠤᠰ ᠤᠨ ᠬᠤᠯᠪᠣᠭᠳᠠᠯ ᠪᠥᠬᠦᠶ ᠲᠣᠭᠲᠠᠭᠠᠯ ᠢ ᠵᠥᠷᠢᠴᠡᠪᠡ᠃ ︽︿ᠲᠡᠭᠷᠢ ᠶᠢᠨ ᠬᠡᠰᠢᠭᠲᠦ ᠪᠣᠷᠣᠲᠣᠬᠤᠶ﹀ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠬᠠᠮᠢᠶᠠᠷᠤᠯᠲᠠ ᠶᠢᠨ ᠠᠷᠭ᠎ᠠ︾᠎ ᠶᠢᠨ ᠬᠤᠷᠢᠨ ᠲᠠᠪᠤᠳᠤᠭᠠᠷ  ᠵᠦᠢᠯ ᠤᠨ ᠲᠠᠪᠤᠳᠤᠭᠠᠷ ᠵᠤᠷᠪᠤᠰ ᠤᠨ ᠲᠣᠭᠲᠠᠭᠠᠯ ᠢ ᠦᠨᠳᠦᠰᠦᠯᠡᠪᠡᠯ᠂ ᠣᠲᠣ ᠪᠦᠬᠦᠨ ᠢ ᠪᠤᠴᠠᠭᠠᠨ᠎ᠠ᠃      ᠣᠨᠴᠠᠭᠠᠶᠢᠯᠠᠨ ᠵᠠᠷᠯᠠᠪᠠ      ᠪᠠᠶᠠᠨᠨᠠᠭᠤᠷ ᠬᠤᠲᠠ ᠶᠢᠨ ᠲᠠᠷᠢᠶᠠᠯᠠᠩ ᠠᠯ ᠠᠵᠤ ᠠᠬᠤᠢ ᠶᠢᠨ ᠠᠵᠤ ᠦᠢᠯᠡᠰᠵᠢᠭᠦᠯᠦᠯᠲᠡ ᠶᠢᠨ ᠬᠥᠲᠥᠴᠢ ᠠᠵᠤ ᠠᠬᠤᠢᠯᠠᠯ ᠤᠨ ᠨᠡᠢᠭᠡᠮᠯᠢᠭ      ᠥᠪᠥᠷ ᠮᠣᠩᠭᠤᠯ ᠤᠨ ᠪᠠᠶᠠᠨ ᠨᠣᠭᠤᠭᠠᠨ ᠦᠢᠯᠡᠰ ᠤᠨ ᠠᠵᠤ ᠦᠢᠯᠡᠰ ︵ᠪᠦᠯᠦᠭᠯᠡᠯ︶᠎ ᠤᠨ ᠬᠢᠵᠠᠭᠠᠷᠲᠤ ᠺᠣᠮᠫᠠᠨᠢ                                 2025 ᠣᠨ ᠤ 3 ᠰᠠᠷ᠎ᠠ ᠶᠢᠨ 28᠎ ᠤ ᠡᠳᠦᠷ   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ