ᠬᠠᠩᠭᠢᠨ ᠬᠤᠶᠢᠲᠤ ᠬᠤᠰᠢᠭᠤ 2025 ᠣᠨ ᠤ ︽4 · 15︾ ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/23
      ᠡᠨᠡ ᠵᠢᠯ ᠤᠨ 4 ᠰᠠᠷ᠎ᠠ ᠶᠢᠨ 15 ᠤ ᠡᠳᠦᠷ ᠪᠣᠯ ᠠᠷᠪᠠᠳᠤᠭᠠᠷ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠪᠣᠯᠤᠨ᠎ᠠ᠂ ᠮᠥᠨ ᠴᠦ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾ ᠶᠢ ᠨᠡᠶᠢᠲᠡᠯᠡᠨ ᠬᠡᠷᠡᠭᠵᠢᠭᠦᠯᠦᠭᠰᠡᠨ ᠠᠷᠪᠠᠨ ᠵᠢᠯ ᠤᠨ ᠣᠶ ᠪᠣᠯᠤᠨ᠎ᠠ᠃ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠪᠠ ᠬᠡᠪ ᠪᠣᠯᠪᠠᠰᠤᠷᠠᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠲᠠᠯᠠᠪᠠᠶ ᠳᠤ ︽ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠤᠭᠰᠠᠨ ᠠᠷᠪᠠᠨ ᠵᠢᠯ ᠤᠨ ᠣᠶ︾ ᠪᠠᠷ ᠭᠤᠤᠯ ᠰᠡᠳᠦᠪ ᠪᠣᠯᠭᠠᠭᠰᠠᠨ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ᠃       ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠬᠤᠰᠢᠭᠤᠨ ᠤ ᠤᠯᠠᠭᠠᠨᠮᠥ᠋ᠴᠢᠷ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠬᠡᠯᠪᠡᠷᠢ ᠪᠠᠷ ︽ ᠠᠭᠲᠠ ᠶᠢᠨ ᠮᠣᠷᠢᠨ ᠤ ᠵᠠᠩᠰᠢᠯ ᠢ ᠨᠡᠬᠡᠬᠡᠬᠦ︾᠂ ᠴᠠᠷᠭᠢᠯ ᠬᠤᠯᠪᠣᠭ᠎ᠠ ︽ᠤᠯᠤᠰ ᠤᠨ ᠠᠮᠤᠷ ᠲᠦᠪᠰᠢᠨ ᠢ ᠡᠳ᠋ᠯᠡᠶ᠎ᠡ︾᠂ ᠳᠠᠭᠤᠤ ︽ᠡᠬᠡ ᠤᠯᠤᠰ ᠤᠨ ᠬᠦᠰᠡᠯ ᠵᠡᠭᠦᠳᠦ︾ ᠵᠡᠷᠭᠡ ᠲᠣᠭᠯᠠᠯᠲᠠ ᠭᠠᠷᠭᠠᠵᠤ᠂ ᠤᠯᠤᠰ ᠤᠨ ᠠᠮᠤᠷ ᠲᠦᠪᠰᠢᠨ ᠤ ᠴᠢᠬᠤᠯᠠ ᠴᠢᠨᠠᠷ ᠢ ᠠᠮᠢᠳᠤᠯᠢᠭ ᠢᠶᠠᠷ ᠲᠣᠭᠯᠠᠵᠤ᠂ ᠣᠯᠠᠨ ᠲᠦᠮᠡᠨ ᠢ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠳᠤᠮᠳᠠ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠰᠤᠷᠤᠯᠴᠠᠭᠤᠯᠪᠠ᠃       ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠰᠠ ᠭᠦᠸᠧ ᠠᠨ ᠤ ᠮᠡᠳᠡᠯᠭᠡ ᠶᠢᠨ ᠱᠠᠩᠨᠠᠯ ᠲᠠᠢ ᠠᠰᠠᠭᠤᠯᠲᠠ ᠬᠠᠷᠢᠭᠤᠯᠲᠠ ᠥᠭᠴᠦ᠂ ᠲᠤᠬᠠᠢ ᠶᠢᠨ ᠲᠠᠯᠠᠪᠠᠢ ᠳᠤ ᠪᠠᠶᠢᠭ᠎ᠠ ᠬᠤᠳᠠ ᠶᠢᠨ ᠠᠷᠠᠳ ᠢᠳᠡᠪᠬᠢᠲᠡᠢ ᠪᠠᠷ ᠠᠰᠠᠭᠤᠯᠲᠠ ᠬᠠᠷᠢᠭᠤᠯᠵᠤ᠂ ᠤᠯᠠᠨ ᠤ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠰᠤᠷᠤᠯᠴᠠᠬᠤ ᠬᠠᠯᠠᠭᠤᠨ ᠰᠡᠳᠬᠢᠯᠭᠡ ᠶᠢ ᠲᠦᠢᠯ ᠤᠨ ᠶᠡᠭᠡ ᠪᠠᠷ ᠬᠥᠭᠵᠢᠭᠡᠵᠡᠢ᠃ ᠬᠤᠲᠠ ᠶᠢᠨ ᠠᠷᠠᠳ ᠭᠤᠤ ᠰᠢᠤᠸᠠᠢ ᠬᠠᠨ ᠬᠡᠯᠡᠭᠰᠡᠨ ᠨᠢ᠄ ︽ᠥᠨᠥᠳᠦᠷ ᠤᠨ ᠡᠨᠡ ᠬᠦ ᠠᠵᠢᠯᠯᠠᠭ᠎ᠠ ᠳᠤ ᠣᠷᠣᠯᠴᠠᠬᠤ ᠪᠠᠷ ᠳᠠᠮᠵᠢᠨ᠂ ᠮᠠᠰᠢ ᠣᠯᠠᠨ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠣᠶᠢᠯᠠᠭᠠᠵᠤ᠂ ᠤᠯᠤᠰ ᠤᠨ ᠠᠮᠤᠷ ᠲᠦᠪᠰᠢᠨ ᠪᠣᠯ ᠪᠢᠳᠡᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠭᠡᠳᠡᠭ ᠢ ᠲᠠᠨᠢᠵᠤ ᠣᠯᠵᠠᠢ᠂ ᠪᠢ ᠥᠪᠡᠷ ᠢᠶᠠᠨ ᠰᠤᠷᠤᠯᠴᠠᠬᠤ ᠪᠠᠷ ᠪᠠᠷᠠᠬᠤ ᠦᠭᠡᠢ᠂ ᠪᠠᠰᠠ ᠬᠤᠶᠢᠴᠢ ᠦᠶ᠎ᠡ ᠶᠢᠨ ᠬᠢᠨ ᠢ ᠬᠠᠷᠠᠬᠠᠨ ᠪᠠᠭ᠎ᠠ ᠠᠴᠠ ᠪᠠᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠪᠣᠶ ᠪᠣᠯᠭᠠᠬᠤ ᠬᠡᠷᠡᠭᠲᠡᠶ︾ ᠭᠡᠵᠦ ᠬᠡᠯᠡᠪᠡ᠃       ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ᠂ ᠭᠤᠤᠯ ᠬᠤᠷᠠᠯ ᠤᠨ ᠲᠠᠯᠠᠪᠠᠶ ᠳᠤ ᠤᠯᠤᠰ ᠤᠨ ᠠᠮᠤᠷ ᠲᠦᠪᠰᠢᠨ ᠤ ᠭᠤᠤᠯ ᠰᠡᠳᠦᠪᠲᠦ ᠤᠬᠠᠭᠤᠯᠭ᠎ᠠ᠂ ᠤᠯᠤᠰ ᠲᠥᠷᠥ ᠶᠢᠨ ᠠᠮᠤᠷ ᠲᠦᠪᠰᠢᠨ ᠤ ᠤᠬᠠᠭᠤᠯᠭ᠎ᠠ᠂ ᠠᠮᠢᠳᠤ ᠪᠣᠳᠠᠰ ᠪᠠ ᠰᠢᠨᠵᠢᠯᠡᠬᠦ ᠤᠬᠠᠭᠠᠨ ᠮᠡᠷᠭᠡᠵᠢᠯ ᠤᠨ ᠠᠮᠤᠷ ᠲᠦᠪᠰᠢᠨ ᠤ ᠤᠬᠠᠭᠤᠯᠭ᠎ᠠ ᠵᠡᠷᠭᠡ 10 ᠦᠵᠡᠭᠦᠯᠦᠯᠭᠡ ᠶᠢᠨ ᠲᠣᠭᠤᠷᠢᠭ ᠳᠣᠭᠢᠷᠠᠭᠤᠯᠵᠤ᠂ ᠡᠯ᠎ᠡ ᠪᠠᠯᠭᠠᠰᠤ ︵ᠲᠠᠷᠢᠶᠠᠯᠠᠩ ᠤᠨ ᠲᠠᠯᠠᠪᠠᠶ︶ ᠴᠤ ᠪᠣᠳᠠᠲᠤ ᠪᠠᠶᠢᠳᠠᠯ ᠢᠶᠠᠨ ᠦᠨᠳᠦᠰᠦᠯᠡᠨ ᠵᠡᠷᠭᠡᠪᠡᠷ ᠤᠬᠠᠭᠤᠯᠭ᠎ᠠ ᠥᠷᠨᠢᠭᠦᠯᠪᠡ᠃ ᠡᠯ᠎ᠡ ᠨᠢᠭᠡᠴᠡ ᠢᠳᠡᠪᠬᠢᠲᠡᠢ ᠣᠷᠣᠯᠴᠠᠵᠤ᠂ ᠤᠬᠠᠭᠤᠯᠭ᠎ᠠ ᠶᠢᠨ ᠰᠠᠮᠪᠠᠷ᠎ᠠ ᠪᠠᠶᠢᠷᠢᠯᠠᠭᠤᠯᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠠᠢ ᠳᠤ ᠬᠠᠷᠢᠭᠤᠯᠲᠠ ᠥᠭᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠲᠠ ᠶᠢᠨ ᠠᠷᠠᠳ ᠲᠤ ᠤᠯᠤᠰ ᠤᠨ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠵᠡᠷᠭᠡ ᠲᠠᠯ᠎ᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠬᠤᠲᠠ ᠶᠢᠨ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠪᠠ ᠬᠠᠤᠯᠢ ᠪᠠᠷ ᠵᠠᠰᠠᠬᠤ ᠦᠵᠡᠯᠲᠡ ᠶᠢ ᠤᠯᠠᠮ ᠨᠢᠭᠡ ᠠᠯᠬᠤᠮ ᠴᠢᠩᠭᠠᠳᠬᠠᠪᠠ᠃       ᠲᠣᠰ ᠤᠳᠠᠭᠠᠨ ᠤ ᠠᠵᠢᠯᠯᠠᠭ᠎ᠠ ᠶᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠵᠤ ᠂ ᠰᠢᠨ᠎ᠡ ᠵᠠᠭᠤᠴᠢᠯᠠᠭᠤᠷ ᠤᠨ ᠲᠠᠪᠴᠠᠩ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠲᠠᠪᠴᠠᠩ ᠵᠡᠷᠭᠡ ᠳᠤ ᠬᠠᠮᠢᠶ᠎ᠠ ᠪᠥᠬᠦᠶ ᠤᠬᠠᠭᠤᠯᠭ᠎ᠠ ᠶᠢᠨ ᠮᠡᠳᠡᠭᠡ ᠵᠠᠩᠭᠢ ᠶᠢ ᠨᠡᠶᠢᠲᠡᠯᠡᠪᠡ᠃ ᠡᠭᠦᠨ ᠤ ᠬᠠᠮᠲᠤ᠂ ᠲᠦᠷᠢᠶᠡᠰᠦᠨ ᠮᠠᠰᠢᠨ ᠤ LED ᠳᠡᠯᠭᠡᠴᠡ ᠳᠤ᠂ ᠪᠠᠶᠢᠭᠤᠯᠭ᠎ᠠ ᠨᠢᠭᠡᠴᠡ ᠶᠢᠨ ᠠᠯᠪᠠᠨ ᠠᠰᠠᠷ᠂ ᠬᠡᠷ ᠤᠨ ᠭᠠᠳᠠᠨᠠᠬᠢ LED ᠳᠡᠯᠭᠡᠴᠡ᠂ ᠡᠯ᠎ᠡ ᠲᠣᠮᠣ ᠬᠤᠳᠠᠯᠳᠤᠭᠠᠨ ᠤ ᠬᠡᠲᠦ ᠳᠡᠯᠭᠡᠭᠦᠷ᠂ ᠪᠠᠭᠤᠳᠠᠯ ᠤᠨ LED ᠲᠣᠮᠣ ᠳᠡᠯᠭᠡᠴᠡ ᠵᠡᠷᠭᠡ ᠡᠯ᠎ᠡ ᠲᠥᠷᠥᠯ ᠤᠨ ᠡᠯᠧᠺᠲᠷᠣᠨ ᠳᠡᠯᠭᠡᠴᠡ ᠳᠤ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠤᠬᠠᠭᠤᠯᠭ᠎ᠠ ᠶᠢᠨ ᠣᠬᠤᠷ ᠹᠢᠯᠢᠮ ᠪᠠ ᠤᠷᠢᠶ᠎ᠠ ᠯᠣᠽᠦ᠋ᠩ ᠢ ᠤᠬᠠᠭᠤᠯᠤᠨ ᠨᠡᠪᠲᠡᠷᠡᠭᠦᠯᠵᠦ᠂ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢᠨ ᠭᠦᠨᠴᠡ ᠪᠠ ᠥᠷᠭᠡᠴᠡ ᠶᠢ ᠥᠷᠭᠡᠳᠬᠡᠬᠦ ᠪᠠᠷ ᠳᠠᠮᠵᠢᠭᠤᠯᠤᠨ᠂ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢᠨ ᠬᠠᠮᠤᠷᠬᠤ ᠬᠡᠪᠴᠢᠶ᠎ᠡ ᠶᠢ ᠳᠡᠭᠡᠭᠰᠢᠯᠡᠭᠦᠯᠵᠦ᠂ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ ᠶᠤᠮ᠃ 
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ