ᠤᠷᠠᠳ ᠤᠨ ᠬᠤᠶᠢᠲᠤ ᠬᠤᠰᠢᠭᠤ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠥᠷᠨᠢᠭᠦᠯᠪᠠ
ᠨᠡᠶᠢᠲᠡᠯᠡᠭᠰᠡᠨ ᠴᠠᠭ᠄
2025/4/23
      ᠸᠠᠩ ᠶᠢᠨ ᠪᠦᠦ ᠡᠷᠬᠢᠨ ᠵᠡᠷᠭᠡ ᠬᠤᠰᠢᠭᠤᠨ ᠤ ᠤᠳᠤᠷᠢᠳᠤᠯᠭ᠎ᠠ ᠤᠷᠤᠯᠴᠠᠪᠠ      4 ᠰᠠᠷ᠎ᠠ ᠶᠢᠨ 15 ᠤ ᠡᠳᠦᠷ᠂ ᠤᠷᠠᠳ ᠤᠨ ᠬᠤᠶᠢᠲᠤ ᠬᠤᠰᠢᠭᠤᠨ ᠤ 2025 ᠣᠨ ᠤ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠬᠦᠬᠡᠨ᠋ᠦ᠋ᠨᠳᠦᠷ ᠪᠠᠯᠭᠠᠰᠤᠨ ᠤ ᠨᠠᠷᠬᠠᠦ᠋ᠪᠦᠷ ᠭᠠᠴᠠᠭᠠᠨ ᠳᠤ ᠶᠠᠪᠤᠭᠳᠠᠪᠠ᠃ ᠸᠠᠩ ᠶᠢᠨ ᠪᠦᠦ᠂ ᠡᠷᠬᠢᠨ᠂ ᠰᠡᠴᠡᠩᠭᠤᠸ᠎ᠠ ᠵᠡᠷᠭᠡ ᠬᠤᠰᠢᠭᠤᠨ ᠤ ᠤᠳᠤᠷᠢᠳᠤᠯᠭ᠎ᠠ ᠥᠷᠭᠡᠨ ᠣᠯᠠᠨ ᠺᠠᠳ᠋ᠷ ᠣᠯᠠᠨ ᠲᠦᠮᠡᠨ ᠲᠠᠢ ᠬᠠᠮᠲᠤ ᠠᠯᠪᠠᠨ ᠵᠢᠷᠤᠮ ᠤᠨ ᠮᠣᠳᠣ ᠳᠠᠷᠢᠬᠤ ᠳᠤ ᠣᠷᠣᠯᠴᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠳᠠᠬᠢᠨᠲᠠ ᠰᠢᠨ᠎ᠡ ᠬᠦᠴᠤᠨ ᠨᠠᠮᠡᠷᠢᠯᠠᠪᠠ᠃      ᠮᠣᠳᠣ ᠲᠠᠷᠢᠬᠤ ᠲᠤᠬᠠᠢ ᠶᠢᠨ ᠲᠠᠯᠠᠪᠠᠢ ᠳᠤ᠂ ᠺᠠᠳ᠋ᠷ ᠤᠯᠠᠨ ᠲᠦᠮᠡᠨ ᠬᠦᠷᠵᠡ ᠠᠳᠬᠤᠨ ᠨᠦᠬᠡ ᠮᠠᠯᠲᠠᠵᠤ᠂ ᠰᠢᠷᠣᠢ ᠨᠡᠮᠡᠨ᠂ ᠮᠣᠳᠣ ᠤᠰᠤᠯᠠᠵᠤ᠂ ᠨᠢᠬᠡ ᠨᠢᠬᠡ ᠴᠢᠬᠢ ᠮᠣᠳᠣ ᠶᠢ ᠡᠮᠬᠢ ᠵᠢᠭᠳᠡ ᠲᠠᠷᠢᠵᠠᠭᠠᠨ᠎ᠠ᠃      ᠸᠠᠩ ᠶᠢᠨ ᠪᠦᠦ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠲᠠᠢ ᠰᠠᠨᠠᠯ ᠢᠶᠠᠨ ᠰᠣᠯᠢᠯᠴᠠᠵᠤ᠂ ᠴᠢᠬᠢ ᠮᠣᠳᠣᠨ ᠤ ᠲᠦᠷᠦᠯ ᠵᠦᠢᠯ᠂ ᠤᠷᠭᠤᠯᠲᠠ ᠶᠢᠨ ᠵᠤᠬᠢᠴᠠᠯ᠂ ᠡᠯᠡᠰᠦ ᠶᠢ ᠲᠣᠭᠲᠠᠪᠤᠷᠢᠵᠢᠭᠤᠯᠬᠤ ᠦᠷ᠎ᠡ ᠪᠦᠲᠦᠮᠵᠢ᠂ ᠬᠠᠮᠢᠶᠠᠷᠤᠯᠲᠠ ᠬᠠᠮᠠᠭᠠᠯᠠᠯᠲᠠ ᠶᠢᠨ ᠵᠠᠷᠤᠳᠠᠯ ᠵᠡᠷᠭᠡ ᠪᠠᠶᠢᠳᠠᠯ ᠢ ᠯᠠᠪᠯᠠᠨ ᠠᠰᠠᠭᠤᠪᠠ᠃ ᠲᠡᠷᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠬᠠᠪᠤᠷ ᠤᠨ ᠤᠯᠠᠷᠢᠯ ᠤᠨ ᠮᠣᠳᠣ ᠲᠠᠷᠢᠵᠤ ᠣᠶᠢᠵᠢᠭᠤᠯᠬᠤ ᠰᠢᠵᠢᠷ ᠠᠯᠳᠠᠨ ᠬᠤᠭᠤᠴᠠᠭ᠎ᠠ ᠶᠢ ᠠᠳᠬᠤᠵᠤ᠂ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠡᠯ᠎ᠡ ᠲᠠᠯ᠎ᠠ ᠶᠢᠨ ᠬᠦᠴᠦᠨ ᠢ ᠭᠦᠢᠴᠡᠳ ᠲᠠᠶᠢᠴᠢᠯᠠᠵᠦ᠂ ᠪᠦᠬᠦ ᠨᠡᠶᠢᠭᠡᠮ ᠢᠶᠠᠷ ᠢᠶᠠᠨ ᠨᠣᠭᠤᠭᠠᠷᠠᠭᠤᠯᠤᠯᠲᠠ ᠶᠢ ᠠᠳᠬᠤᠵᠤ ᠨᠣᠭᠤᠭᠠᠷᠠᠭᠤᠯᠤᠯᠲᠠ ᠶᠢ ᠬᠠᠮᠠᠭᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠵᠠᠬᠢᠪᠠ᠃ ᠮᠣᠳᠣᠨ ᠤ ᠲᠥᠷᠥᠯ ᠢ ᠰᠢᠨᠵᠢᠯᠡᠬᠦ ᠤᠬᠠᠭᠠᠨᠴᠢ ᠪᠠᠷ ᠰᠣᠩᠭᠤᠵᠤ᠂ ᠴᠢᠬᠢ ᠮᠣᠳᠣ ᠳᠠᠷᠢᠬᠤ ᠶᠢ ᠬᠠᠮᠢᠶᠠᠷᠤᠨ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠨᠢᠭᠡ ᠶᠢ ᠳᠠᠷᠢᠪᠠᠯ ᠨᠢᠭᠡ ᠶᠢ ᠠᠮᠢᠯᠠᠭᠤᠯᠬᠤ ᠶᠢ ᠦᠨᠡᠨ ᠬᠦ ᠪᠠᠳᠤᠯᠠᠬᠤ ᠬᠡᠷᠡᠭᠳᠠᠢ ᠬᠡᠪᠠ᠃      ᠪᠥᠬᠦ ᠬᠤᠰᠢᠭᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠺᠠᠳ᠋ᠷ᠂ ᠰᠠᠭᠤᠭ᠎ᠠ ᠠᠵᠤ ᠠᠬᠤᠶᠢᠯᠠᠯ ᠤᠨ ᠠᠵᠢᠯᠲᠠᠨ ᠪᠠ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠵᠡᠷᠭᠡ 3500 ᠭᠠᠷᠤᠶ ᠬᠥᠮᠦᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠵᠤ᠂ ᠡᠯ᠎ᠡ ᠲᠥᠷᠥᠯ ᠤᠨ ᠵᠤᠯᠵᠠᠭ᠎ᠠ ᠮᠣᠳᠣ ᠶᠢ ᠨᠡᠶᠢᠲᠡ 21280 ᠰᠠᠭᠤᠷᠢ ᠳᠠᠷᠢᠪᠠ᠃
ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ