ᠬᠠᠪᠤᠷ ᠤᠨ ᠳᠤᠯᠠᠭᠠᠨ ᠳᠤ ᠲᠦᠮᠡᠨ ᠪᠣᠳᠠᠰ ᠠᠮᠢᠯᠠᠨ᠂ ᠰᠢᠮᠠᠭᠤᠯ ᠴᠦ ᠦᠷᠡᠵᠢᠯ ᠤᠨ ᠣᠷᠭᠢᠯ ᠤᠨ ᠬᠤᠭᠤᠴᠠᠭᠠᠨ ᠳᠠᠭᠠᠨ ᠤᠷᠤᠪᠠ᠃ ᠰᠢᠮᠠᠭᠤᠯ ᠤᠨ | ᠨᠢᠭᠲᠠᠴᠠ ᠶᠢ ᠪᠦᠲᠦᠮᠵᠢᠲᠡᠶ ᠪᠠᠭᠤᠷᠠᠭᠤᠯᠵᠤ᠂ ᠪᠠᠲᠠᠭᠠᠨ᠎ᠠ ᠰᠢᠮᠠᠭᠤᠯ ᠤᠨ ᠬᠠᠯᠳᠠᠪᠤᠷᠢᠳᠤ ᠡᠪᠡᠳᠴᠢᠨ ᠳᠡᠯᠭᠡᠷᠡᠬᠦ ᠶᠢ ᠰᠡᠷᠭᠡᠶᠢᠯᠡᠬᠦ ᠶᠢᠨ ᠲᠥᠯᠥᠭᠡ᠂ ᠣᠶᠢᠷ᠎ᠠ ᠶᠢᠨ | ᠡᠳᠦᠷ ᠂ ᠤᠷᠠᠳ ᠤᠨ ᠬᠤᠶᠢᠲᠤ ᠬᠤᠰᠢᠭᠤ ᠰᠢᠮᠠᠭᠤᠯ ᠤᠰᠠᠳᠬᠠᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠬᠤᠲᠠ ᠶᠢᠨ ᠠᠷᠠᠳ ᠲᠤ ᠡᠷᠡᠭᠦᠯ ᠴᠢᠭᠢᠷᠠᠭ᠂ | ᠲᠠᠭᠠᠯᠠᠮᠵᠢᠲᠠᠶ ᠣᠯᠠᠨ ᠨᠡᠶᠢᠲᠡ ᠶᠢᠨ ᠣᠷᠴᠢᠨ ᠲᠣᠭᠤᠷᠢᠨ ᠢ ᠪᠣᠶ ᠪᠤᠯᠭᠠᠬᠤ ᠪᠠᠷ ᠬᠦᠴᠤᠯᠠᠨᠠ᠃ | ᠰᠤᠷᠪᠤᠯᠵᠢᠯᠠᠭᠴᠢ᠂ ᠪᠠᠶᠠᠨᠪᠤᠯᠠᠭ ᠪᠠᠯᠭᠠᠰᠤᠨ ᠤ ᠪᠠᠶᠠᠨᠴᠢᠨᠳᠠᠮᠤᠨᠢ ᠵᠡᠭᠡᠯᠢ ᠳᠤ ᠲᠤᠰᠬᠠᠶ ᠮᠡᠷᠭᠡᠵᠢᠯ ᠤᠨ ᠠᠷᠢᠭᠤᠳᠬᠠᠯ ᠤᠨ ᠠᠵᠢᠯᠲᠠᠳ ᠡᠮ ᠰᠦᠷᠴᠢᠬᠦ ᠲᠡᠷᠭᠡ | ᠵᠢᠯᠣᠭᠤᠳᠤᠨ ᠵᠡᠭᠡᠯᠢ ᠶᠢᠨ ᠬᠠᠵᠠᠭᠤ ᠶᠢᠨ ᠨᠣᠭᠤᠭᠠᠷᠠᠭᠤᠯᠤᠯᠲᠠ ᠶᠢᠨ ᠪᠦᠰᠡ ᠪᠠᠷ ᠠᠭᠠᠵᠢᠮ ᠢᠶᠠᠷ ᠤᠷᠤᠭᠰᠢᠯᠠᠵᠤ᠂ ᠬᠤᠤᠷ ᠪᠠᠭᠠᠲᠠᠶ ᠥᠨᠳᠥᠷ ᠪᠦᠲᠦᠮᠵᠢᠲᠡᠶ | ᠣᠷᠴᠢᠨ ᠲᠣᠭᠤᠷᠢᠨ ᠢ ᠬᠠᠮᠠᠭᠠᠯᠠᠬᠤ ᠬᠡᠯᠪᠡᠷᠢ ᠶᠢᠨ ᠰᠢᠮᠠᠭᠤᠯ ᠤᠰᠠᠳᠬᠠᠬᠤ ᠡᠮ ᠢ ᠨᠣᠭᠤᠭᠠᠷᠠᠭᠤᠯᠤᠯᠲᠠ ᠶᠢᠨ ᠪᠦᠰᠡ ᠳᠤ ᠰᠦᠷᠴᠢᠵᠦ᠂ ᠣᠷᠴᠢᠨ ᠲᠣᠭᠤᠷᠢᠨ ᠪᠠ | ᠬᠤᠲᠠ ᠶᠢᠨ ᠠᠷᠠᠳ ᠲᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ ᠪᠠᠶᠢᠬᠤ ᠶᠢ ᠣᠯᠵᠤ ᠬᠠᠷᠠᠪᠠ᠃ | ︽ᠪᠢᠳᠡ ᠨᠢᠭᠡ ᠭᠠᠷᠠᠭ ᠲᠤ ᠨᠢᠭᠡ ᠤᠳᠠᠭ᠎ᠠ ᠠᠷᠢᠭᠤᠳᠬᠠᠵᠤ᠂ ᠪᠣᠷᠣᠭᠠᠨ ᠤ ᠤᠯᠠᠷᠢᠯ ᠲᠣᠬᠢᠶᠠᠯᠳᠤᠪᠠᠯ ᠠᠷᠢᠭᠤᠳᠬᠠᠬᠤ ᠤᠳᠠᠭ᠎ᠠ ᠶᠢ ᠨᠡᠮᠡᠭᠳᠡᠭᠦᠯᠵᠦ᠂ | ᠣᠷᠳᠣ ᠬᠤᠭᠤᠴᠠᠭᠠᠨ ᠤ ᠪᠦᠲᠦᠮᠵᠢᠲᠡᠶ ᠡᠮ ᠤᠨ ᠵᠦᠢᠯ ᠤᠨ ᠪᠠᠲᠤᠯᠠᠬᠤ ᠴᠠᠭ ᠨᠢ ᠶᠡᠷᠦᠳᠡᠭᠡᠨ 20 ᠡᠳᠦᠷ ᠣᠷᠴᠢᠮ ᠪᠠᠶᠢᠵᠤ᠂ ᠣᠬᠤᠷ ᠬᠤᠭᠤᠴᠠᠭᠠᠨ ᠤ ᠠᠰᠢᠭᠲᠤ | ᠡᠮ ᠨᠢ 4 ᠠᠴᠠ 5 ᠡᠳᠦᠷ ᠪᠣᠯᠤᠨ᠎ᠠ︾ ᠬᠡᠵᠤ ᠥᠪᠥᠷ ᠮᠣᠩᠭᠤᠯ ᠤᠨ ᠬᠤᠩ ᠰᠢᠶᠠᠩ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠰᠡᠴᠡᠨ ᠰᠤᠷᠪᠤᠯᠵᠢᠯᠠᠭᠴᠢ ᠳᠤ ᠬᠡᠯᠡᠪᠡ᠃ | ᠬᠠᠪᠤᠷ ᠪᠣᠯ ᠰᠢᠮᠠᠭᠤᠯ ᠤᠰᠠᠳᠬᠠᠬᠤ ᠰᠢᠵᠢᠷ ᠠᠯᠲᠠᠨ ᠴᠠᠭ ᠬᠤᠭᠤᠴᠠᠭ᠎ᠠ ᠪᠣᠯᠤᠨ᠎ᠠ᠂ ᠡᠨᠡ ᠦᠶ᠎ᠡ ᠳᠤ ᠰᠢᠨᠵᠢᠯᠡᠬᠦ ᠤᠬᠠᠭᠠᠨᠴᠢ ᠪᠠᠷ ᠰᠢᠮᠠᠭᠤᠯ ᠤᠰᠠᠳᠬᠠᠬᠤ | ᠠᠵᠢᠯ ᠢ ᠥᠷᠨᠢᠭᠦᠯᠬᠦ ᠨᠢ ᠨᠢᠭᠡ ᠲᠠᠯ᠎ᠠ ᠪᠠᠷ ᠦᠷᠡᠵᠢᠯ ᠤᠨ ᠬᠡᠯᠬᠢᠶ᠎ᠡ ᠶᠢ ᠲᠠᠰᠤᠯᠵᠤ᠂ ᠵᠣᠨ ᠤ ᠤᠯᠠᠷᠢᠯ ᠤᠨ ᠰᠢᠮᠠᠭᠤᠯ ᠬᠤᠷᠣᠬᠠᠶ ᠶᠢᠨ ᠨᠢᠭᠲᠠᠴᠠ ᠶᠢ ᠪᠠᠭᠤᠷᠠᠭᠤᠯᠵᠤ᠂ | ᠨᠥᠭᠦᠭᠡ ᠲᠠᠯ᠎ᠠ ᠪᠠᠷ᠂ ᠵᠣᠨ ᠤ ᠤᠯᠠᠷᠢᠯ ᠳᠤ ᠰᠢᠮᠠᠭᠤᠯ ᠦᠷᠪᠢᠰᠦᠨ ᠳᠡᠯᠭᠡᠷᠡᠬᠦ ᠦᠶ᠎ᠡ ᠳᠤ ᠶᠡᠭᠡ ᠬᠡᠪᠴᠢᠶ᠎ᠡ ᠪᠠᠷ ᠡᠮ ᠰᠦᠷᠴᠢᠵᠦ᠂ ᠬᠠᠪᠤᠷ ᠤᠨ ᠤᠯᠠᠷᠢᠯ ᠳᠤ | ᠦᠷᠡᠵᠢᠬᠦ ᠭᠠᠵᠠᠷ ᠢ ᠴᠡᠪᠡᠷᠯᠡᠬᠦ ᠪᠠᠷ ᠭᠤᠤᠯ ᠪᠣᠯᠭᠠᠨ᠂ ᠬᠢᠮᠢ ᠶᠢᠨ ᠡᠮ ᠬᠡᠷᠡᠭᠯᠡᠬᠦ ᠶᠢ ᠪᠠᠭᠠᠰᠬᠠᠵᠤ᠂ ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ ᠣᠶᠢᠯᠠᠭᠠᠭᠳᠠᠬᠤᠨ ᠲᠠᠢ | ᠨᠠᠶᠢᠴᠠᠵᠤ ᠪᠠᠶᠢᠬᠤ ᠶᠤᠮ᠃ | ︽ᠰᠢᠮᠠᠭᠤᠯ ᠤᠰᠠᠳᠬᠠᠬᠤ ᠲᠤᠰᠬᠠᠶ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠠᠭᠤᠷ ᠴᠦᠬᠦᠷᠤᠮ᠂ ᠤᠰᠤ ᠲᠠᠲᠠᠷᠠᠭᠤᠯᠬᠤ ᠭᠤᠤ ᠰᠤᠪᠠᠭ᠂ ᠡᠯ᠎ᠡ | ᠴᠡᠴᠡᠷᠯᠢᠭ ᠤᠨ ᠠᠭᠤᠳᠠᠮ ᠲᠠᠯᠠᠪᠠᠶ ᠶᠢᠨ ᠨᠣᠭᠤᠭᠠᠷᠠᠭᠤᠯᠤᠯᠲᠠ ᠶᠢᠨ ᠪᠦᠰᠡ ᠵᠡᠷᠭᠡ ᠰᠢᠮᠠᠭᠤᠯ ᠠᠮᠠᠷᠬᠠᠨ ᠦᠷᠡᠵᠢᠳᠡᠭ ᠤᠷᠴᠢᠨ ᠳᠤ ᠲᠥᠪᠯᠡᠷᠡᠭᠦᠯᠦᠨ ᠠᠷᠢᠭᠤᠳᠬᠠᠵᠤ | ᠂ ᠰᠢᠮᠠᠭᠤᠯ ᠪᠠᠲᠠᠭᠠᠨ᠎ᠠ ᠶᠢᠨ ᠲᠦᠢᠪᠡᠭᠡᠯᠭᠡ ᠶᠢ ᠪᠠᠭᠠᠰᠬᠠᠵᠤ᠂ ᠬᠠᠯᠳᠠᠪᠤᠷᠢᠲᠤ ᠡᠪᠡᠳᠴᠢᠨ ᠡᠭᠦᠰᠬᠦ ᠶᠢ ᠰᠡᠷᠭᠡᠶᠢᠯᠡᠵᠦ᠂ ᠰᠠᠭᠤᠭᠠᠯᠢ ᠠᠷᠠᠳ ᠤᠨ ᠠᠮᠤᠷ ᠲᠦᠪᠰᠢᠨ | ᠡᠷᠡᠭᠦᠯ ᠮᠡᠨᠳᠦ ᠶᠢ ᠪᠥᠬᠦ ᠬᠦᠴᠦᠨ ᠢᠶᠠᠷ ᠢᠶᠠᠨ ᠬᠠᠮᠠᠭᠠᠯᠠᠨ᠎ᠠ︾ ᠬᠡᠵᠤ᠂ ᠤᠷᠠᠳ ᠤᠨ ᠬᠤᠶᠢᠲᠤ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ | ᠳᠡᠳ᠋ ᠡᠷᠬᠢᠯᠡᠭᠴᠢ ᠬᠠᠨ ᡁᠢ ᠸᠧᠶ ᠬᠡᠯᠡᠪᠡ᠃ | | | |