ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 14 ᠤ ᠴᠠᠭᠢᠯᠭᠠᠨ ᠮᠡᠳᠡᠭᠡ 4 ᠰᠠᠷ᠎ᠠ ᠶᠢᠨ 14 ᠤ ᠣᠷᠣᠢ᠂ ᠤᠯᠤᠰ ᠤᠨ ᠲᠡᠷᠢᠭᠦᠯᠡᠭᠴᠢ ᠰᠢ ᠶᠢᠨ | ᠫᠢᠩ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠭᠤᠭ᠎ᠠ ᠭᠠᠵᠠᠷ ᠲᠤ ᠸᠢᠶᠧᠲᠨᠠᠮ ᠤᠨ ᠶᠡᠷᠦᠩᠬᠡᠢ ᠰᠠᠶᠢᠳ ᠹᠠᠨ ᠮᠢᠩ ᠵᠧᠩ ᠲᠠᠢ ᠠᠭᠤᠯᠵᠠᠪᠠ | ᠃ | ᠰᠢ ᠶᠢᠨ ᠫᠢᠩ᠂ ᠸᠢᠶᠧᠲᠨᠠᠮ ᠤᠨ ᠨᠠᠮ ᠪᠣᠯᠣᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ ᠸᠢᠶᠧᠲᠨᠠᠮ ᠤᠨ ᠤᠯᠤᠰ ᠲᠦᠷᠦ ᠨᠡᠶᠢᠭᠡᠮ | ᠲᠣᠭᠲᠠᠭᠤᠨ ᠪᠠᠶᠢᠵᠤ᠂ ᠰᠢᠨᠡᠴᠢᠯᠡᠯᠲᠡ ᠶᠢᠨ ᠦᠢᠯᠡᠰ ᠪᠠᠶᠠᠷᠯᠠᠭᠤᠰᠢᠲᠠᠢ ᠠᠮᠵᠢᠯᠲᠠ ᠣᠯᠵᠤ᠂ ᠳᠡᠯᠡᠬᠡᠢ ᠳᠠᠬᠢ ᠪᠠᠶᠢᠷᠢ ᠰᠠᠭᠤᠷᠢ ᠡᠳᠦᠷ ᠢᠷᠡᠬᠦᠶ᠎ᠡ ᠳᠡᠭᠡᠭᠰᠢᠯᠡᠵᠦ | ᠪᠠᠶᠢᠭ᠎ᠠ ᠳᠤ ᠳᠤᠮᠳᠠᠳᠤ ᠶᠢᠨ ᠲᠠᠯ᠎ᠠ ᠶᠢᠨ ᠬᠢᠨ ᠪᠠᠶᠠᠷ ᠲᠠᠢ ᠪᠠᠶᠢᠨ᠎ᠠ᠃ ᠳᠤᠮᠳᠠᠳᠤ ᠸᠢᠶᠧᠲᠨᠠᠮ ᠴᠥᠮ ᠦᠨᠳᠦᠰᠦᠲᠡᠨ ᠤ ᠬᠥᠭᠵᠢᠯ ᠮᠠᠨᠳᠤᠯ ᠢ ᠪᠡᠶᠡᠯᠡᠭᠦᠯᠬᠦ᠂ | ᠤᠯᠤᠰ ᠤᠨ ᠬᠥᠭᠵᠢᠯᠲᠡ ᠪᠠᠨ ᠲᠦᠷᠭᠡᠳᠬᠡᠬᠦ ᠲᠡᠦᠬᠡᠲᠦ ᠡᠭᠦᠷᠭᠡ ᠶᠢ ᠡᠭᠦᠷᠭᠡᠯᠡᠵᠦ ᠪᠠᠶᠢᠨ᠎ᠠ᠂ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠵᠤ᠂ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠲᠤᠰ ᠲᠤᠰ ᠤᠨ ᠢᠶᠠᠨ ᠣᠳᠣᠬᠢᠴᠢᠯᠠᠯᠲᠠ ᠶᠢᠨ | ᠠᠬᠢᠴᠠ ᠳᠤ ᠦᠢᠯᠡᠴᠢᠯᠡᠵᠦ᠂ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠤᠶᠠᠷ | ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠬᠦᠷᠲᠡᠭᠡᠶ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠳᠤᠮᠳᠠᠳᠤ ᠸᠢᠶᠧᠲᠨᠠᠮ ᠤᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠤᠯᠤᠰ ᠲᠦᠷᠦ ᠶᠢᠨ ᠦᠨᠳᠦᠰᠦ ᠰᠠᠭᠤᠷᠢ ᠶᠢ ᠪᠠᠬᠢᠵᠢᠭᠦᠯᠦᠶ᠎ᠡ᠃ ᠳᠡᠭᠡᠳᠦ ᠳᠠᠪᠬᠤᠷᠭ᠎ᠠ ᠶᠢᠨ | ᠶᠠᠪᠤᠯᠴᠠᠭ᠎ᠠ ᠪᠠᠨ ᠨᠢᠭᠲᠠᠷᠠᠭᠤᠯᠵᠤ᠂ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠴᠢᠩᠭᠠᠳᠬᠠᠵᠤ᠂ ᠡᠵᠡᠷᠬᠡᠬᠦ ᠦᠵᠡᠯ᠂ ᠭᠠᠭᠴᠠ ᠲᠠᠯᠠᠲᠤ ᠦᠵᠡᠯ᠂ | ᠬᠠᠮᠠᠭᠠᠯᠠᠬᠤ ᠦᠵᠡᠯ ᠢ ᠬᠠᠮᠲᠤ ᠪᠠᠷ ᠡᠰᠡᠷᠭᠦᠴᠡᠵᠦ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ | ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ | ᠶᠣᠰᠣ ᠶᠢ ᠬᠠᠮᠲᠤ ᠪᠠᠷ ᠬᠠᠮᠠᠭᠠᠯᠠᠵᠤ᠂ ᠠᠽᠢᠶ᠎ᠠ ᠲᠢᠪ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠣᠯᠣᠨ ᠬᠥᠭᠵᠢᠯ ᠴᠡᠴᠡᠭᠯᠡᠯ ᠢ ᠬᠠᠮᠠᠭᠠᠯᠠᠶ᠎ᠠ᠃ | ᠬᠤᠶᠠᠷ ᠲᠠᠯ᠎ᠠ ᠪᠠᠷ ᠢᠶᠠᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠤᠶᠠᠷ ᠤᠯᠤᠰ ᠤᠨ ᠭᠠᠷ ᠬᠤᠯᠪᠣᠨ ᠣᠳᠣᠬᠢᠴᠢᠯᠠᠯᠲᠠ ᠲᠡᠶᠢᠰᠢ | ᠤᠷᠤᠭᠰᠢᠯᠠᠬᠤ ᠳᠤ ᠪᠠᠲᠤ ᠴᠢᠩᠭ᠎ᠠ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠬᠠᠩᠭᠠᠶ᠎ᠠ᠃ ᠳᠤᠮᠳᠠᠳᠤ ᠸᠢᠶᠧᠲᠨᠠᠮ ᠤᠨ ᠡᠬᠡ ᠬᠠᠭᠤᠷᠠᠢ ᠳᠠᠯᠠᠢ ᠲᠠᠩᠭᠢᠰ | ᠵᠠᠯᠭᠠᠯᠳᠤᠭᠰᠠᠨ ᠣᠷᠣᠨ ᠪᠠᠶᠢᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ | ᠠᠵᠤ ᠦᠢᠯᠡᠰ ᠤᠨ ᠬᠠᠮᠲᠤᠷᠠᠯᠴᠠᠭᠠᠨ ᠤ ᠳᠠᠯᠳᠠ ᠬᠦᠴᠦᠨ ᠢ ᠭᠦᠨ ᠠᠭᠤᠳᠠᠯᠤᠶ᠎ᠠ᠃ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ | ᠬᠠᠮᠲᠤᠷᠠᠯᠴᠠᠭ᠎ᠠ ᠶᠢ ᠯᠠᠪᠳᠠᠭᠤᠨ ᠢᠶᠠᠷ ᠠᠬᠢᠭᠤᠯᠵᠤ᠂ ᠬᠤᠯᠪᠣᠯᠳᠤᠨ ᠨᠡᠪᠲᠡᠷᠡᠯᠴᠡᠬᠦ ᠲᠦᠪᠰᠢᠨ ᠢ ᠳᠡᠭᠡᠭᠰᠢᠯᠡᠭᠦᠯᠵᠦ᠂ ᠠᠷᠠᠯᠵᠢᠶᠠᠨ ᠤ ᠰᠠᠭᠠᠳ ᠦᠭᠡᠢ ᠨᠡᠪᠲᠡᠷᠡᠬᠦ ᠶᠢ | ᠪᠠᠲᠤᠯᠠᠶ᠎ᠠ᠃ ᠠᠷᠠᠯᠵᠢᠶ᠎ᠠ᠂ ᠪᠡᠯᠡ ᠣᠷᠣᠭᠤᠯᠤᠯᠲᠠ ᠵᠡᠷᠭᠡ ᠤᠯᠠᠮᠵᠢᠯᠠᠯᠲᠤ ᠬᠦᠷᠢᠶᠡᠨ ᠳᠠᠬᠢ ᠬᠠᠮᠲᠤᠷᠠᠯᠴᠠᠭ᠎ᠠ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ 5G᠂ | ᠵᠣᠬᠢᠶᠠᠮᠠᠯ ᠤᠶᠤᠨ ᠴᠢᠳᠠᠪᠤᠷᠢ᠂ ᠴᠡᠪᠡᠷ ᠡᠨᠧᠷᠭᠢ᠂ ᠲᠣᠭᠠᠴᠢᠯᠠᠭᠰᠠᠨ ᠠᠵᠤ ᠠᠬᠤᠢ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠠᠮᠲᠤᠷᠠᠯᠴᠠᠭ᠎ᠠ ᠪᠠᠨ | ᠥᠷᠭᠡᠳᠬᠡᠶ᠎ᠡ᠃ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ ᠡᠷᠡᠰ ᠬᠠᠮᠠᠭᠠᠯᠠᠵᠤ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠨᠡᠩ ᠨᠡᠭᠡᠭᠡᠯᠲᠡᠲᠡᠢ᠂ | ᠪᠠᠭᠲᠠᠭᠠᠮᠵᠢᠲᠠᠢ᠂ ᠲᠦᠭᠡᠮᠡᠯ ᠬᠠᠷᠠᠭᠠᠯᠵᠠᠯᠲᠤ᠂ ᠲᠡᠩᠴᠡᠭᠦᠷᠢᠲᠡᠢ ᠴᠢᠭᠯᠡᠯ ᠲᠡᠶᠢᠰᠢ ᠬᠥᠭᠵᠢᠬᠦ ᠶᠢ ᠬᠠᠮᠲᠤ ᠪᠠᠷ ᠠᠬᠢᠭᠤᠯᠤᠶ᠎ᠠ᠃ | ᠬᠤᠶᠠᠷ ᠲᠠᠯ᠎ᠠ ᠪᠠᠷ ᠢᠶᠠᠨ ᠰᠣᠶᠣᠯ ᠢᠷᠭᠡᠨᠰᠢᠯ ᠤᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠸᠢᠶᠧᠲᠨᠠᠮ ᠤᠨ ᠨᠥᠬᠦᠷᠯᠡᠯ ᠤᠨ ᠭᠤᠣᠯ ᠭᠦᠭ | ᠠᠶᠠᠰ ᠢ ᠴᠢᠪᠬᠠᠳᠠᠶ᠎ᠠ᠃ ᠳᠤᠮᠳᠠᠳᠤ ᠸᠢᠶᠧᠲᠨᠠᠮ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠶᠢ ᠪᠡᠯᠭᠡᠯᠡᠬᠦ ᠵᠢᠴᠢ ︽ᠳᠤᠮᠳᠠᠳᠤ | ᠸᠢᠶᠧᠲᠨᠠᠮ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ︾ ᠤ ᠰᠢᠷᠢᠰ ᠠᠵᠢᠯᠯᠠᠭ᠎ᠠ ᠶᠢ ᠰᠠᠶᠢᠲᠤᠷ ᠡᠷᠭᠢᠯᠡᠵᠦ᠂ ᠳᠤᠮᠳᠠᠳᠤ ᠸᠢᠶᠧᠲᠨᠠᠮ ᠤᠨ ᠨᠥᠬᠦᠷᠯᠡᠯ ᠤᠨ | ᠬᠤᠪᠢᠰᠬᠠᠯ ᠤᠨ ᠦᠯᠢᠭᠡᠷ ᠢ ᠰᠠᠶᠢᠲᠤᠷ ᠶᠠᠷᠢᠬᠤ ᠪᠠᠷ ᠪᠠᠷᠠᠬᠤ ᠦᠭᠡᠢ ᠬᠤᠶᠠᠷ ᠤᠯᠤᠰ ᠤᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ᠂ ᠭᠠᠷ ᠬᠤᠯᠪᠣᠨ | ᠣᠳᠣᠬᠢᠴᠢᠯᠠᠯᠲᠠ ᠲᠡᠶᠢᠰᠢ ᠤᠷᠤᠭᠰᠢᠯᠠᠭᠰᠠᠨ ᠦᠯᠢᠭᠡᠷ ᠢ ᠴᠦ ᠰᠠᠶᠢᠲᠤᠷ ᠶᠠᠷᠢᠶ᠎ᠠ᠃ ᠠᠷᠠᠳ ᠤᠨ ᠰᠡᠳᠬᠢᠯ ᠢ ᠣᠯᠬᠤ᠂ ᠠᠷᠠᠳ ᠤᠨ ᠰᠠᠨᠠᠭ᠎ᠠ ᠶᠢ ᠳᠠᠭᠠᠬᠤ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠨᠠᠩ ᠣᠯᠠᠨ ᠲᠥᠷᠥᠯ ᠵᠦᠢᠯ ᠢ ᠬᠡᠷᠡᠭᠵᠢᠭᠦᠯᠦᠶ᠎ᠡ ᠭᠡᠵᠦ ᠴᠢᠬᠤᠯᠠᠴᠢᠯᠠᠪᠠ᠃ | ᠹᠠᠨ ᠮᠢᠩ ᠵᠧᠩ᠂ ᠲᠡᠷᠢᠭᠦᠯᠡᠭᠴᠢ ᠰᠢ ᠶᠢᠨ ᠫᠢᠩ ᠤᠨ ᠸᠢᠶᠧᠲᠨᠠᠮ ᠳᠠᠬᠢ ᠲᠦᠷᠦ ᠶᠢᠨ ᠶᠠᠪᠤᠳᠠᠯ ᠤᠨ ᠠᠶᠢᠯᠴᠢᠯᠠᠯᠲᠠ ᠪᠣᠯ ᠬᠤᠶᠠᠷ ᠤᠯᠤᠰ ᠤᠨ ᠡᠨᠡ | ᠵᠢᠯ ᠤᠨ ᠬᠠᠮᠤᠭ ᠤᠨ ᠴᠢᠬᠤᠯᠠ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠮᠥᠨ᠂ ᠸᠢᠶᠧᠲᠨᠠᠮ ᠳᠤᠮᠳᠠᠳᠤ ᠶᠢᠨ ᠬᠠᠷᠢᠯᠴᠠᠭ᠎ᠠ ᠳᠠᠬᠢ ᠶᠡᠭᠡ ᠶᠠᠪᠤᠳᠠᠯ ᠪᠠᠶᠠᠷᠲᠤ | ᠶᠠᠪᠤᠳᠠᠯ ᠪᠠᠶᠢᠵᠤ᠂ ᠲᠡᠦᠬᠡᠲᠦ ᠴᠢᠨᠠᠷᠲᠠᠢ ᠠᠴᠢ ᠬᠤᠯᠪᠣᠭᠳᠠᠯ ᠲᠠᠢ ᠶᠤᠮ᠃ ᠸᠢᠶᠧᠲᠨᠠᠮ ᠳᠤᠮᠳᠠᠳᠤ ᠶᠢᠨ ᠬᠠᠷᠢᠯᠴᠠᠭ᠎ᠠ ᠶᠢᠨ ᠨᠡᠩ ᠶᠡᠭᠡ ᠬᠥᠭᠵᠢᠯᠲᠡ ᠲᠠᠢ | ᠪᠤᠯᠬᠤ ᠶᠢ ᠬᠥᠲᠥᠯᠥᠨ ᠳᠠᠭᠠᠭᠤᠯᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠨᠢ ᠯᠠᠪᠲᠠᠢ ᠶᠤᠮ ᠭᠡᠵᠦ | ᠢᠯᠡᠳᠬᠡᠪᠡ᠃ | ᠹᠠᠨ ᠮᠢᠩ ᠵᠧᠩ᠂ ᠲᠡᠷᠢᠭᠦᠯᠡᠭᠴᠢ ᠰᠢ ᠶᠢᠨ ᠫᠢᠩ 2023 ᠣᠨ ᠳᠤ ᠸᠢᠶᠧᠲᠨᠠᠮ ᠳᠤ ᠠᠶᠢᠯᠴᠢᠯᠠᠯᠲᠠ ᠬᠢᠭᠰᠡᠨ ᠠᠴᠠ ᠨᠠᠭᠠᠰᠢ ᠬᠤᠶᠠᠷ ᠤᠯᠤᠰ ᠤᠨ | ᠬᠠᠷᠢᠯᠴᠠᠭᠠᠨ ᠤ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠤᠯᠠᠮ ᠨᠢᠭᠡ ᠠᠯᠬᠤᠮ ᠴᠢᠩᠭᠠᠷᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠴᠢᠬᠤᠯᠠ ᠶᠡᠭᠡ | ᠠᠬᠢᠴᠠ ᠲᠠᠢ ᠪᠣᠯᠵᠤ᠂ ᠠᠷᠠᠳ ᠲᠦᠮᠡᠨ ᠤ ᠨᠥᠭᠦᠷᠰᠡᠭ ᠬᠠᠶᠢᠷ᠎ᠠ ᠰᠡᠳᠬᠢᠯᠭᠡ ᠡᠳᠦᠷ ᠢᠷᠡᠬᠦᠶ᠎ᠡ ᠭᠦᠨᠵᠡᠭᠡᠶᠢᠷᠡᠪᠡ᠃ ᠸᠢᠶᠧᠲᠨᠠᠮ ᠤᠨ ᠬᠢᠨ ᠳᠤᠮᠳᠠᠳᠤ | ᠤᠯᠤᠰ ᠯᠤᠭ᠎ᠠ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠸᠢᠶᠧᠲᠨᠠᠮ | ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠡᠷᠡᠰ ᠠᠬᠢᠭᠤᠯᠬᠤ ᠪᠠᠷ ᠵᠣᠷᠢᠭ ᠰᠢᠭᠤᠳᠴᠤ ᠪᠠᠶᠢᠨ᠎ᠠ᠃ ᠸᠢᠶᠧᠲᠨᠠᠮ ᠤᠨ ᠬᠢᠨ | ᠳᠤᠮᠳᠠᠳᠤ ᠤᠯᠤᠰ ᠤᠨ ᠣᠯᠣᠭᠰᠠᠨ ᠯᠤᠲᠤ ᠶᠡᠭᠡ ᠬᠥᠭᠵᠢᠯᠲᠡ ᠶᠢᠨ ᠠᠮᠵᠢᠯᠲᠠ ᠪᠦᠲᠦᠮᠵᠢ ᠳᠤ ᠴᠢᠩ ᠰᠡᠳᠬᠢᠯ ᠠᠴᠠ ᠪᠠᠨ ᠪᠠᠶᠠᠷ ᠬᠦᠷᠭᠡᠵᠦ ᠪᠠᠶᠢᠨ᠎ᠠ᠂ ᠳᠤᠮᠳᠠᠳᠤ | ᠤᠯᠤᠰ ᠤᠨ ᠦᠷᠭᠦᠯᠵᠢᠯᠡᠨ ᠬᠥᠭᠵᠢᠨ ᠪᠤᠵᠠᠭᠠᠶᠢᠷᠠᠬᠤ ᠶᠢ ᠳᠡᠮᠵᠢᠵᠦ ᠪᠠᠶᠢᠨ᠎ᠠ᠃ ᠳᠤᠮᠳᠠᠳᠤ ᠤᠯᠤᠰ ᠤᠨ ᠨᠠᠮ ᠢ ᠵᠠᠰᠠᠬᠤ ᠲᠦᠷᠦ ᠶᠢ ᠵᠠᠰᠠᠬᠤ ᠲᠤᠷᠰᠢᠯᠭ᠎ᠠ ᠶᠢ | ᠰᠤᠷᠤᠯᠴᠠᠵᠤ᠂ ᠳᠤᠮᠳᠠᠳᠤ ᠤᠯᠤᠰ ᠤᠨ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠵᠣᠷᠢᠭ ᠰᠠᠨᠠᠭ᠎ᠠ ᠶᠢ ᠰᠤᠷᠤᠯᠴᠠᠵᠤ᠂ ᠳᠤᠮᠳᠠᠳᠤ ᠤᠯᠤᠰ ᠤᠨ | ᠬᠥᠭᠵᠢᠯᠲᠡ ᠶᠢᠨ ᠣᠶᠢᠯᠠᠭᠠᠭᠳᠠᠬᠤᠨ ᠤ ᠵᠠᠭᠪᠤᠷ ᠢ ᠰᠤᠷᠤᠯᠴᠠᠬᠤ ᠶᠢ ᠬᠦᠰᠡᠵᠦ ᠪᠠᠶᠢᠨ᠎ᠠ᠃ ᠸᠢᠶᠧᠲᠨᠠᠮ ᠤᠨ ᠬᠢᠨ ᠳᠤᠮᠳᠠᠳᠤ ᠤᠯᠤᠰ ᠯᠤᠭ᠎ᠠ ᠠᠵᠤ ᠠᠬᠤᠢ | ᠠᠷᠠᠯᠵᠢᠶᠠᠨ ᠤ ᠪᠡᠯᠡ ᠣᠷᠣᠭᠤᠯᠤᠯᠲᠠ᠂ ᠬᠤᠯᠪᠣᠯᠳᠤᠨ ᠨᠡᠪᠲᠡᠷᠡᠯᠴᠡᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠮᠥᠩᠭᠦᠨ ᠭᠦᠢᠯᠭᠡᠭᠡᠨ ᠵᠡᠷᠭᠡ ᠬᠦᠷᠢᠶᠡᠨ ᠳᠠᠬᠢ | ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠵᠤ ᠠᠬᠤᠢ ᠶᠢᠨ ᠠᠮᠢᠵᠢᠷᠠᠯ ᠤᠨ ᠬᠦᠴᠦᠨ ᠪᠣᠯᠣᠨ ᠨᠡᠮᠡᠭᠳᠡᠯ ᠤᠨ ᠬᠥᠳᠡᠯᠭᠡᠬᠦ ᠬᠦᠴᠦᠨ ᠢᠶᠠᠨ ᠳᠡᠭᠡᠭᠰᠢᠯᠡᠭᠦᠯᠵᠦ᠂ ᠠᠶᠤᠯ | ᠲᠦᠭᠰᠢᠭᠦᠷᠢ ᠪᠠ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠬᠤ ᠶᠢ ᠬᠦᠰᠡᠵᠦ ᠪᠠᠶᠢᠨ᠎ᠠ᠃ ︽ ᠸᠢᠶᠧᠲᠨᠠᠮ ᠳᠤᠮᠳᠠᠳᠤ ᠶᠢᠨ ᠰᠣᠶᠣᠯ ᠢᠷᠭᠡᠨᠰᠢᠯ ᠤᠨ | ᠰᠣᠯᠢᠯᠴᠠᠭᠠᠨ ᠤ ᠣᠨ︾ ᠤ ᠠᠵᠢᠯᠯᠠᠭ᠎ᠠ ᠶᠢ ᠰᠠᠶᠢᠲᠤᠷ ᠡᠷᠭᠢᠯᠡᠵᠦ᠂ ᠬᠥᠮᠥᠰ ᠤᠨ ᠶᠠᠪᠤᠯᠴᠠᠭ᠎ᠠ ᠪᠣᠯᠣᠨ ᠣᠷᠣᠨ ᠨᠤᠲᠤᠭ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ | ᠠᠷᠠᠳ ᠲᠦᠮᠡᠨ ᠤ ᠨᠥᠭᠦᠷᠰᠡᠭ ᠬᠠᠶᠢᠷ᠎ᠠ ᠰᠡᠳᠬᠢᠯᠭᠡ ᠶᠢ ᠨᠡᠮᠡᠭᠳᠡᠭᠦᠯᠬᠦ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠯᠤᠭ᠎ᠠ ᠳᠡᠯᠡᠬᠡᠢ ᠶᠢᠨ ᠪᠠ ᠭᠠᠵᠠᠷ ᠣᠷᠣᠨ ᠤ | ᠬᠡᠷᠡᠭ ᠶᠠᠪᠤᠳᠠᠯ ᠳᠠᠬᠢ ᠬᠠᠮᠵᠢᠯᠴᠠᠭ᠎ᠠ ᠪᠠᠨ ᠴᠢᠩᠭᠠᠳᠬᠠᠵᠤ᠂ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠳᠡᠯᠡᠬᠡᠢ ᠶᠢᠨ ᠴᠠᠭ ᠤᠨ ᠪᠠᠶᠢᠳᠠᠯ ᠳᠣᠣᠷ᠎ᠠ ᠪᠠᠶᠢᠯᠳᠤᠬᠤ | ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠤᠯᠠᠨ ᠲᠠᠯᠠᠲᠤ ᠦᠵᠡᠯ ᠪᠣᠯᠣᠨ ᠳᠡᠯᠡᠬᠡᠢ ᠶᠢᠨ ᠡᠮᠬᠢ ᠳᠢᠭᠯᠢᠮ ᠢ ᠬᠠᠮᠲᠤ ᠪᠠᠷ ᠬᠠᠮᠠᠭᠠᠯᠠᠬᠤ ᠶᠢ ᠬᠦᠰᠡᠵᠦ | ᠪᠠᠶᠢᠨ᠎ᠠ ᠭᠡᠵᠦ ᠢᠯᠡᠳᠬᠡᠪᠡ᠃ | ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠣᠷᠣᠯᠴᠠᠵᠠᠢ᠃ | | | |