ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 14 ᠤ ᠴᠠᠭᠢᠯᠭᠠᠨ ᠮᠡᠳᠡᠭᠡ 4 ᠰᠠᠷ᠎ᠠ ᠶᠢᠨ 14 ᠤ ᠣᠷᠣᠢ ᠤᠯᠤᠰ ᠤᠨ ᠲᠡᠷᠢᠭᠦᠯᠡᠭᠴᠢ ᠰᠢ ᠶᠢᠨ | ᠫᠢᠩ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠭᠤᠭ᠎ᠠ ᠭᠠᠵᠠᠷ ᠲᠤ ᠸᠢᠶᠧᠲᠨᠠᠮ ᠤᠨ ᠤᠯᠤᠰ ᠤᠨ ᠬᠤᠷᠠᠯ ᠤᠨ ᠲᠡᠷᠢᠭᠦᠯᠡᠭᠴᠢ ᠴᠧᠨ ᠴᠢᠩ | ᠮᠢᠨ ᠲᠠᠢ ᠠᠭᠤᠯᠵᠠᠪᠠ᠃ | ᠰᠢ ᠶᠢᠨ ᠫᠢᠩ᠂ ᠸᠢᠶᠧᠲᠨᠠᠮ ᠳᠤ ᠳᠠᠬᠢᠨᠲᠠ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠳᠡᠭᠡᠨ᠂ ᠸᠢᠶᠧᠲᠨᠠᠮ ᠤᠨ ᠰᠢᠨᠡᠴᠢᠯᠡᠯᠲᠡ ᠶᠢᠨ ᠦᠢᠯᠡᠰ ᠤᠨ | ᠣᠯᠣᠭᠰᠠᠨ ᠰᠢᠨ᠎ᠡ ᠠᠮᠵᠢᠯᠲᠠ ᠪᠦᠳᠦᠮᠵᠢ ᠶᠢ ᠨᠢᠳᠦ ᠪᠠᠷ ᠢᠶᠠᠨ ᠭᠡᠷᠡᠴᠢᠯᠡᠵᠦ᠂ ᠳᠤᠮᠳᠠᠳᠤ ᠸᠢᠶᠧᠲᠨᠠᠮ ᠤᠨ ᠨᠥᠬᠦᠷᠯᠡᠯ ᠤᠨ ᠭᠦᠨ ᠵᠤᠵᠠᠭᠠᠨ ᠰᠠᠭᠤᠷᠢ ᠶᠢ | ᠪᠡᠶ᠎ᠡ ᠪᠠᠷ ᠢᠶᠠᠨ ᠮᠡᠳᠡᠷᠡᠵᠦ ᠣᠯᠪᠠ᠃ ᠣᠳᠣᠬᠠᠨ ᠳᠤ᠂ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠤᠭ᠎ᠠ ᠦᠢᠯᠡᠰ ᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ᠂ ᠸᠢᠶᠧᠲᠨᠠᠮ | ᠤᠳᠠᠯ ᠦᠭᠡᠢ ᠦᠨᠳᠦᠰᠦᠲᠡᠨ ᠤ ᠬᠥᠭᠵᠢᠯᠲᠡ ᠶᠢᠨ ᠰᠢᠨ᠎ᠡ ᠡᠷᠡᠨ ᠢ ᠡᠬᠢᠯᠡᠭᠦᠯᠦᠨ᠎ᠡ᠂ ᠬᠤᠶᠠᠷ ᠲᠠᠯ᠎ᠠ ᠪᠠᠷ ᠢᠶᠠᠨ ᠴᠥᠮ ᠥᠪᠡᠷ ᠥᠪᠡᠷ ᠤᠨ ᠬᠥᠭᠵᠢᠯ ᠮᠠᠨᠳᠤᠯ ᠤᠨ | ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ ᠪᠠᠶᠢᠨ᠎ᠠ᠃ ᠤᠷᠪᠠᠭᠠᠨ ᠬᠥᠷᠪᠡᠭᠡᠨ ᠲᠠᠢ ᠳᠡᠯᠡᠬᠡᠢ ᠶᠢᠨ ᠴᠠᠭ ᠤᠨ ᠪᠠᠶᠢᠳᠠᠯ ᠤᠨ ᠡᠮᠦᠨ᠎ᠡ᠂ ᠳᠤᠮᠳᠠᠳᠤ ᠸᠢᠶᠧᠲᠨᠠᠮ | ᠬᠤᠶᠠᠷ ᠤᠯᠤᠰ ᠵᠠᠮ ᠤᠨ ᠢᠲᠡᠭᠡᠯ ᠪᠣᠯᠣᠨ ᠪᠠᠶᠢᠭᠤᠯᠤᠯ ᠤᠨ ᠢᠲᠡᠭᠡᠯ ᠢᠶᠠᠨ ᠪᠠᠲᠤᠳᠬᠠᠵᠤ᠂ ᠪᠦᠯᠬᠦᠮᠳᠡᠨ ᠬᠠᠮᠵᠢᠯᠴᠠᠬᠤ ᠪᠠᠨ ᠴᠢᠩᠭᠠᠳᠬᠠᠵᠤ᠂ ᠪᠠᠶᠢᠯᠳᠤᠬᠤ | ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠭᠠᠷ ᠬᠤᠯᠪᠣᠨ ᠣᠳᠣᠬᠢᠴᠢᠯᠠᠯᠲᠠ ᠲᠡᠶᠢᠰᠢ ᠤᠷᠤᠭᠰᠢᠯᠠᠵᠤ᠂ ᠳᠡᠯᠡᠬᠡᠢ ᠳ᠋ᠠᠬᠢᠨ ᠳᠤ ᠨᠡᠩ ᠤᠯᠠᠨ ᠲᠣᠬᠲᠠᠭᠠᠯᠳᠤ ᠴᠢᠨᠠᠷ ᠪᠣᠯᠣᠨ ᠢᠳᠡᠪᠬᠢ | ᠬᠦᠴᠦᠨ ᠨᠡᠮᠡᠷᠢᠯᠡᠶ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠸᠢᠶᠧᠲᠨᠠᠮ ᠪᠣᠯ ᠴᠥᠮ ᠡᠪ ᠬᠠᠮᠲᠤ ᠨᠠᠮ ᠤᠨ ᠤᠳᠤᠷᠢᠳᠤᠭᠰᠠᠨ ᠨᠡᠶᠢᠭᠡᠮ ᠵᠢᠷᠤᠮᠲᠤ ᠤᠯᠤᠰ ᠮᠥᠨ᠂ ᠤᠯᠤᠰ ᠲᠥᠷᠥ ᠶᠢᠨ | ᠴᠢᠭᠯᠡᠯ ᠨᠢ ᠨᠠᠮ ᠪᠣᠯᠣᠨ ᠤᠯᠤᠰ ᠣᠷᠣᠨ ᠤ ᠢᠷᠡᠭᠡᠳᠦᠢ ᠬᠤᠪᠢ ᠵᠠᠶᠠᠭ᠎ᠠ ᠪᠣᠯᠣᠨ ᠠᠵᠢᠯ ᠦᠢᠯᠡᠰ ᠤᠨ ᠥᠭᠡᠳᠡᠯᠡᠵᠦ ᠤᠷᠤᠭᠤᠳᠠᠬᠤ ᠢᠯᠠᠵᠤ ᠢᠯᠠᠭᠳᠠᠬᠤ ᠲᠠᠢ | ᠬᠤᠯᠪᠣᠭᠳᠠᠵᠤ ᠪᠠᠶᠢᠳᠠᠭ᠃ ᠬᠤᠶᠠᠷ ᠨᠠᠮ ᠬᠤᠶᠠᠷ ᠤᠯᠤᠰ ᠤᠨ ᠳᠡᠭᠡᠳᠦ ᠳᠠᠪᠬᠤᠷᠭ᠎ᠠ ᠶᠢᠨ ᠬᠢᠨ ᠬᠤᠶᠠᠷ ᠲᠠᠯ᠎ᠠ ᠶᠢᠨ ᠬᠠᠷᠢᠯᠴᠠᠭ᠎ᠠ ᠪᠣᠯᠣᠨ ᠬᠠᠮᠲᠤ ᠪᠠᠷ ᠠᠩᠬᠠᠷᠴᠤ | ᠪᠠᠶᠢᠭ᠎ᠠ ᠴᠢᠬᠤᠯᠠ ᠶᠡᠭᠡ ᠵᠥᠪᠯᠡᠬᠦ ᠵᠦᠢᠯ ᠤᠨ ᠲᠤᠬᠠᠢ ᠴᠠᠭ ᠲᠤᠬᠠᠢ ᠳᠤᠨᠢ ᠰᠠᠨᠠᠯ ᠢᠶᠠᠨ ᠰᠣᠯᠢᠯᠴᠠᠵᠤ᠂ ᠬᠠᠮᠲᠤ ᠶᠢᠨ ᠲᠠᠨᠢᠯᠲᠠ ᠪᠠᠨ ᠲᠠᠰᠤᠷᠠᠯᠲᠠ ᠦᠭᠡᠢ | ᠨᠢᠭᠲᠠᠷᠠᠭᠤᠯᠵᠤ᠂ ᠢᠲᠡᠭᠡᠯᠴᠡᠭᠡ ᠪᠠᠨ ᠨᠡᠮᠡᠭᠳᠡᠭᠦᠯᠵᠦ᠂ ᠴᠢᠭᠯᠡᠯ ᠢᠶᠠᠨ ᠪᠠᠲᠤᠳᠬᠠᠵᠤ᠂ ᠳᠤᠮᠳᠠᠳᠤ ᠸᠢᠶᠧᠲᠨᠠᠮ ᠤᠨ ᠬᠠᠷᠢᠯᠴᠠᠭᠠᠨ ᠤ ᠬᠥᠯᠭᠡ ᠣᠩᠭᠤᠴᠠ ᠶᠢᠨ | ᠲᠣᠭᠲᠠᠭᠤᠨ ᠢᠶᠠᠷ ᠤᠷᠤᠭᠰᠢᠯᠠᠬᠤ ᠶᠢ ᠪᠠᠲᠤᠯᠠᠶ᠎ᠠ᠃ ᠨᠠᠮ ᠤᠨ ᠬᠤᠭᠤᠷᠤᠨᠳᠤᠭᠢ᠂ ᠬᠠᠤᠯᠢ ᠲᠣᠭᠲᠠᠭᠠᠬᠤ ᠪᠠᠶᠢᠭᠤᠯᠤᠮᠵᠢ᠂ ᠤᠯᠤᠰ ᠲᠦᠷᠦ ᠶᠢᠨ ᠵᠥᠪᠯᠡᠯᠭᠡᠨ ᠤ | ᠵᠣᠬᠢᠶᠠᠨ ᠪᠠᠶᠢᠭᠤᠯᠤᠯᠲᠠ ᠶᠢᠨ ᠠᠵᠢᠯ ᠲᠦᠷᠦᠯ ᠢᠶᠠᠷ ᠢᠶᠠᠨ ᠰᠣᠯᠢᠯᠴᠠᠭ᠎ᠠ ᠬᠢᠵᠦ ᠬᠠᠮᠲᠤᠷᠠᠯᠴᠠᠬᠤ ᠶᠢ ᠦᠷᠭᠦᠯᠵᠢᠯᠡᠨ ᠪᠠᠲᠤᠯᠠᠵᠤ᠂ ᠲᠦᠷᠦ ᠶᠢ ᠵᠠᠰᠠᠵᠤ ᠵᠠᠰᠠᠭ ᠢ | ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠭᠦᠨᠵᠡᠭᠡᠶᠢᠷᠡᠭᠦᠯᠦᠶ᠎ᠡ᠃ ᠬᠤᠶᠠᠷ ᠲᠠᠯ᠎ᠠ ᠪᠠᠷ ᠢᠶᠠᠨ ᠳᠤᠮᠳᠠᠳᠤ ᠸᠢᠶᠧᠲᠨᠠᠮ ᠤᠨ ᠭᠠᠳᠠᠭᠠᠳᠤ ᠬᠠᠷᠢᠯᠴᠠᠭ᠎ᠠ | ᠪᠠᠶᠢᠭᠤᠯᠤᠭᠰᠠᠨ 75 ᠵᠢᠯ ᠤᠨ ᠤᠢ ᠵᠢᠴᠢ ︽ᠳᠤᠮᠳᠠᠳᠤ ᠸᠢᠶᠧᠲᠨᠠᠮ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ︾ ᠢ ᠪᠡᠯᠭᠡᠯᠡᠬᠦ ᠪᠠᠷ ᠠᠵᠠ ᠲᠣᠭᠢᠶᠠᠯ | ᠪᠤᠯᠭᠠᠵᠤ᠂ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ᠂ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠬᠤᠶᠠᠷ ᠤᠯᠤᠰ ᠤᠨ ᠠᠷᠠᠳ ᠤᠯᠠᠨ | ᠢᠯᠠᠩᠭᠤᠶ᠎ᠠ ᠵᠠᠯᠠᠭᠤ ᠨᠢᠭᠡ ᠦᠶ᠎ᠡ ᠶᠢᠨ ᠬᠢᠨ ᠤ ᠣᠶᠢᠯᠠᠭᠠᠯᠴᠠᠭ᠎ᠠ ᠪᠠ ᠨᠥᠭᠦᠷᠰᠡᠭ ᠬᠠᠶᠢᠷ᠎ᠠ ᠰᠡᠳᠬᠢᠯᠭᠡ ᠶᠢ ᠨᠡᠮᠡᠭᠳᠡᠭᠦᠯᠵᠦ᠂ ᠬᠤᠶᠠᠷ ᠤᠯᠤᠰ ᠤᠨ ᠨᠥᠬᠦᠷᠯᠡᠯ ᠤᠨ | ᠬᠤᠯᠪᠣᠭᠠᠰᠤ ᠶᠢ ᠨᠡᠩ ᠴᠢᠩᠭᠠᠯᠠᠶ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠸᠢᠶᠧᠲᠨᠠᠮ ᠤᠨ ᠤᠯᠤᠰ ᠤᠨ | ᠬᠤᠷᠠᠯ ᠤᠨ ᠶᠠᠪᠤᠯᠴᠠᠭ᠎ᠠ ᠬᠤᠷᠰᠢᠯᠴᠠᠭ᠎ᠠ ᠣᠯᠠᠰᠢᠷᠠᠵᠤ᠂ ᠬᠠᠮᠲᠤᠷᠠᠯᠴᠠᠭ᠎ᠠ ᠦᠯᠡᠮᠵᠢ ᠦᠷ᠎ᠡ ᠪᠦᠲᠦᠭᠡᠯ ᠣᠯᠪᠠ᠃ ᠬᠤᠶᠠᠷ ᠤᠯᠤᠰ ᠤᠨ ᠬᠠᠤᠯᠢ ᠲᠣᠭᠲᠠᠭᠠᠬᠤ | ᠪᠠᠶᠢᠭᠤᠯᠤᠮᠵᠢ ᠤᠯᠠᠮᠵᠢᠯᠠᠯᠲᠤ ᠨᠥᠬᠦᠷᠯᠡᠯ ᠢᠶᠠᠨ ᠴᠢᠩᠭᠠᠳᠬᠠᠬᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠨᠠᠶᠢᠳᠠᠪᠤᠷᠢᠵᠢᠭᠤᠯᠬᠤ ᠶᠢ ᠪᠠᠲᠤᠯᠠᠬᠤ᠂ ᠤᠯᠠᠨ | ᠲᠠᠯ᠎ᠠ ᠶᠢᠨ ᠵᠣᠬᠢᠴᠠᠭᠤᠯᠭ᠎ᠠ ᠶᠢ ᠴᠢᠩᠭᠠᠳᠬᠠᠬᠤ ᠲᠠᠯ᠎ᠠ ᠪᠠᠷ ᠢᠯᠡᠭᠦᠬᠡᠨ ᠠᠵᠢᠯ ᠬᠢᠵᠦ᠂ ᠲᠤᠰ ᠲᠤᠰ ᠤᠨ ᠤᠯᠤᠰ ᠤᠨ ᠢᠶᠠᠨ ᠨᠡᠶᠢᠭᠡᠮ ᠵᠢᠷᠤᠮ ᠤᠨ ᠠᠷᠠᠳᠴᠢᠯᠠᠯ | ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠲᠤᠬᠠᠢ ᠰᠣᠯᠢᠯᠴᠠᠭ᠎ᠠ ᠥᠷᠨᠢᠭᠦᠯᠵᠦ᠂ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠠᠭᠤᠯᠬᠤᠨ ᠢ ᠲᠠᠰᠤᠷᠠᠯᠳᠠ ᠦᠭᠡᠢ ᠪᠠᠶᠠᠯᠢᠭᠵᠢᠭᠤᠯᠤᠶ᠎ᠠ ᠭᠡᠵᠦ ᠵᠢᠭᠠᠵᠤ ᠭᠠᠷᠭᠠᠪᠠ᠃ | ᠴᠧᠨ ᠴᠢᠩ ᠮᠢᠨ᠂ ᠸᠢᠶᠧᠲᠨᠠᠮ ᠳᠤᠮᠳᠠᠳᠤ ᠠᠭᠤᠯᠠ ᠤᠰᠤ ᠪᠠᠷ ᠢᠶᠠᠨ ᠬᠥᠷᠰᠢᠯᠡᠵᠦ᠂ ᠬᠤᠶᠠᠷ ᠨᠠᠮ ᠬᠤᠶᠠᠷ ᠤᠯᠤᠰ ᠤᠨ ᠦᠶ᠎ᠡ ᠦᠶ᠎ᠡ ᠶᠢᠨ ᠤᠳᠤᠷᠢᠳᠬᠤ | ᠬᠥᠮᠥᠰ ᠤᠨ ᠨᠠᠷᠢᠨ ᠨᠢᠮᠪᠠᠢ ᠬᠥᠮᠥᠵᠢᠭᠦᠯᠦᠯ ᠳᠣᠣᠷ᠎ᠠ ︽ᠨᠥᠬᠦᠷ ᠪᠥᠭᠡᠳ ᠠᠬ᠎ᠠ ᠳᠡᠭᠦᠦ︾ ᠶᠢᠨ ᠴᠢᠩ ᠦᠨᠡᠨᠴᠢ ᠨᠥᠬᠦᠷᠯᠡᠯ ᠢ ᠪᠠᠶᠢᠭᠤᠯᠵᠤ᠂ ᠬᠤᠶᠠᠷ ᠲᠠᠯ᠎ᠠ ᠶᠢᠨ | ᠬᠠᠷᠢᠯᠴᠠᠭ᠎ᠠ ᠤᠷᠳᠤ ᠬᠤᠭᠤᠴᠠᠭ᠎ᠠ ᠪᠠᠷ ᠨᠥᠭᠦᠷᠰᠡᠭ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠲᠤᠰ ᠤᠳᠠᠭ᠎ᠠ ᠶᠢᠨ ᠠᠶᠢᠯᠴᠢᠯᠠᠯᠲᠠ ᠨᠢ ᠳᠤᠮᠳᠠᠳᠤ | ᠤᠯᠤᠰ ᠤᠨ ᠨᠠᠮ᠂ ᠤᠯᠤᠰ ᠪᠣᠯᠣᠨ ᠠᠷᠠᠳ ᠲᠦᠮᠡᠨ ᠤ ᠸᠢᠶᠧᠲᠨᠠᠮ ᠳᠤᠮᠳᠠᠳᠤ ᠶᠢᠨ ᠬᠠᠷᠢᠯᠴᠠᠭ᠎ᠠ ᠶᠢ ᠴᠢᠬᠤᠯᠠᠴᠢᠯᠠᠵᠤ ᠪᠠᠶᠢᠬᠤ ᠶᠢ ᠭᠦᠢᠴᠡᠳ ᠢᠯᠡᠷᠡᠭᠦᠯᠪᠡ᠃ | ᠬᠤᠶᠠᠷ ᠨᠠᠮ ᠤᠨ ᠶᠡᠷᠦᠩᠬᠡᠢ ᠱᠦᠵᠢ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠸᠢᠶᠧᠲᠨᠠᠮ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠲᠤᠬᠠᠢ ᠴᠢᠬᠤᠯᠠ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠯᠭ᠎ᠠ ᠬᠢᠭᠰᠡᠨ ᠨᠢ ᠸᠢᠶᠧᠲᠨᠠᠮ ᠳᠤᠮᠳᠠᠳᠤ ᠶᠢᠨ | ᠬᠠᠷᠢᠯᠴᠠᠭ᠎ᠠ ᠶᠢᠨ ᠰᠢᠨ᠎ᠡ ᠬᠠᠭᠤᠳᠠᠰᠤ ᠶᠢ ᠨᠡᠭᠡᠭᠡᠬᠦ ᠶᠢ ᠠᠬᠢᠭᠤᠯᠬᠤ ᠪᠣᠯᠣᠨ᠎ᠠ᠃ ᠸᠢᠶᠧᠲᠨᠠᠮ ᠤᠨ ᠤᠯᠤᠰ ᠤᠨ ᠬᠤᠷᠠᠯ ᠤᠨ ᠬᠢᠨ ᠳᠤᠮᠳᠠᠳᠤ ᠤᠯᠤᠰ ᠤᠨ ᠪᠦᠭᠦ | ᠤᠯᠤᠰ ᠤᠨ ᠬᠤᠶᠠᠷ ᠬᠤᠷᠠᠯ ᠠᠮᠵᠢᠯᠲᠠ ᠲᠠᠢ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ᠂ ᠳᠤᠮᠳᠠᠳᠤ ᠤᠯᠤᠰ ᠤᠨ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠲᠠᠢ ᠨᠢᠭᠲᠠ ᠣᠯᠣᠯᠴᠠᠨ ᠬᠠᠮᠲᠤᠷᠠᠯᠴᠠᠵᠤ᠂ ᠬᠤᠶᠠᠷ ᠨᠠᠮ ᠬᠤᠶᠠᠷ ᠤᠯᠤᠰ ᠤᠨ ᠬᠠᠮᠤᠭ ᠤᠨ ᠳᠡᠭᠡᠳᠦ ᠤᠳᠤᠷᠢᠳᠬᠤ | ᠬᠥᠮᠥᠰ ᠤᠨ ᠲᠣᠬᠢᠷᠠᠯᠴᠠᠭᠰᠠᠨ ᠴᠢᠬᠤᠯᠠ ᠬᠠᠮᠲᠤ ᠶᠢᠨ ᠲᠠᠨᠢᠯᠲᠠ ᠶᠢ ᠦᠨᠡᠨ ᠬᠦ ᠰᠠᠶᠢᠲᠤᠷ ᠨᠠᠶᠢᠳᠠᠪᠤᠷᠢᠵᠢᠭᠤᠯᠵᠤ᠂ ᠬᠤᠶᠠᠷ ᠤᠯᠤᠰ ᠤᠨ ᠬᠠᠮᠲᠤ ᠶᠢᠨ ᠬᠥᠭᠵᠢᠯ | ᠴᠡᠴᠡᠭᠯᠡᠯ ᠢ ᠠᠬᠢᠭᠤᠯᠬᠤ᠂ ᠠᠷᠠᠳ ᠲᠦᠮᠡᠨ ᠤ ᠨᠥᠬᠦᠷᠯᠡᠯ ᠢ ᠵᠤᠵᠠᠭᠠᠳᠬᠠᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ | ᠃ | ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠣᠷᠣᠯᠴᠠᠵᠠᠢ᠃ | |