ᠰᠢᠨᠬᠤᠸᠠ ᠬᠤᠷᠢᠶ᠎ᠠ ᠶᠢᠨ ᠫᠨᠤᠮ ᠪᠧᠩ ᠤᠨ 4 ᠰᠠᠷ᠎ᠠ ᠶᠢᠨ 17 ᠤ ᠴᠠᠭᠢᠯᠭᠠᠨ ᠮᠡᠳᠡᠭᠡ 4 ᠰᠠᠷ᠎ᠠ ᠶᠢᠨ 17 ᠤ ᠦᠳᠡ ᠶᠢᠨ ᠬᠤᠶᠢᠨ᠎ᠠ᠂ ᠺᠠᠮᠪᠤᠵᠠ ᠶᠢᠨ | ᠤᠯᠤᠰ ᠤᠨ ᠸᠠᠩ ᠰᠢᠬᠠᠮᠦᠨᠢ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ ᠲᠠᠢ ᠫᠨᠤᠮ ᠪᠧᠩ ᠤᠨ ᠸᠠᠩ ᠤᠨ ᠣᠷᠳᠣᠨ ᠳᠤ ᠠᠭᠤᠯᠵᠠᠯᠲᠠ | ᠬᠢᠪᠡ᠃ | | | | | | 4 ᠰᠠᠷ᠎ᠠ ᠶᠢᠨ 17 ᠤ ᠦᠳᠡ ᠶᠢᠨ ᠬᠤᠶᠢᠨ᠎ᠠ᠂ ᠺᠠᠮᠪᠤᠵᠠ ᠶᠢᠨ ᠤᠯᠤᠰ ᠤᠨ ᠸᠠᠩ ᠰᠢᠬᠠᠮᠤᠨᠢ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ | ᠫᠢᠩ ᠲᠠᠢ ᠫᠨᠤᠮ ᠪᠧᠩ ᠤᠨ ᠸᠠᠩ ᠤᠨ ᠣᠷᠳᠣᠨ ᠳᠤ ᠠᠭᠤᠯᠵᠠᠪᠠ᠃ ︵ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ︶ | ᠰᠢ ᠶᠢᠨ ᠫᠢᠩ ᠲᠡᠷᠭᠡ ᠪᠠᠷ ᠬᠦᠷᠬᠦ ᠦᠶ᠎ᠡ ᠳᠤ ᠰᠢᠬᠠᠮᠦᠨᠢ ᠲᠡᠷᠭᠡᠨ ᠠᠴᠠ ᠪᠠᠭᠤᠬᠤ ᠭᠠᠵᠠᠷ ᠲᠤ ᠬᠠᠯᠠᠭᠤᠨ ᠢᠶᠠᠷ ᠤᠭᠲᠤᠨ ᠠᠪᠤᠪᠠ᠃ ᠶᠣᠰᠣᠯᠠᠯ ᠤᠨ ᠴᠡᠷᠢᠭ | ᠤᠯᠠᠭᠠᠨ ᠬᠡᠪᠢᠰ ᠤᠨ ᠬᠤᠶᠠᠷ ᠲᠠᠯ᠎ᠠ ᠪᠠᠷ ᠵᠢᠭᠰᠠᠪᠠ᠃ | ᠰᠢ ᠶᠢᠨ ᠫᠢᠩ᠂ ᠤᠯᠤᠰ ᠤᠨ ᠸᠠᠩ ᠰᠢᠬᠠᠮᠦᠨᠢ ᠶᠢᠨ ᠰᠠᠭᠤᠷᠢᠨ ᠳᠤ ᠭᠠᠷᠤᠭᠰᠠᠨ 20 ᠵᠢᠯ ᠤᠨ ᠣᠶ ᠪᠠ ᠺᠠᠮᠪᠤᠵᠠ ᠶᠢᠨ ᠤᠯᠠᠮᠵᠢᠯᠠᠯᠲᠤ ᠰᠢᠨ᠎ᠡ ᠵᠢᠯ ᠬᠦᠷᠴᠦ | ᠢᠷᠡᠬᠦ ᠲᠠᠰᠢᠷᠠᠮ ᠳᠤ ᠤᠷᠢᠯᠭ᠎ᠠ ᠪᠠᠷ ᠦᠵᠡᠰᠬᠦᠯᠡᠩᠲᠦ ᠰᠠᠶᠢᠬᠠᠨ ᠺᠠᠮᠪᠤᠵᠠ ᠳᠤ ᠠᠶᠢᠯᠴᠢᠯᠠᠵᠤ᠂ ᠺᠠᠮᠪᠤᠵᠠ ᠶᠢᠨ ᠠᠷᠠᠳ ᠲᠦᠮᠡᠨ ᠳᠤ ᠰᠢᠨ᠎ᠡ ᠵᠢᠯ ᠤᠨ ᠵᠥᠩᠨᠡᠯ | ᠳᠡᠪᠰᠢᠭᠦᠯᠦᠭᠰᠡᠨ ᠳᠡᠭᠡᠨ ᠮᠠᠰᠢ ᠪᠠᠶᠠᠷ ᠲᠠᠢ ᠪᠠᠶᠢᠨ᠎ᠠ᠃ ᠺᠠᠮᠪᠤᠵᠠ ᠶᠢᠨ ᠤᠯᠤᠰ ᠤᠨ ᠪᠦᠲᠦᠭᠡᠨ ᠪᠠᠶᠢᠭᠤᠯᠤᠯᠲᠠ ᠶᠢᠨ ᠠᠵᠢᠯ ᠦᠢᠯᠡᠰ ᠡᠳᠦᠷ ᠠᠴᠠ ᠡᠳᠦᠷ | ᠥᠭᠡᠳᠡᠯᠡᠨ ᠬᠥᠭᠵᠢᠵᠦ ᠪᠠᠶᠢᠨ᠎ᠠ᠂ ᠤᠯᠤᠰ ᠤᠨ ᠸᠠᠩ ᠰᠢᠬᠠᠮᠦᠨᠢ ᠶᠢᠨ ᠢᠪᠡᠭᠡᠯ ᠢᠶᠠᠷ ᠺᠠᠮᠪᠤᠵᠠ ᠶᠢᠨ ᠠᠵᠢᠯᠴᠢ ᠭᠦᠳᠡᠯᠮᠦᠷᠢᠴᠢ ᠤᠬᠠᠭᠠᠨᠲᠤ ᠠᠷᠠᠳ ᠲᠦᠮᠡᠨ | ᠯᠠᠪᠲᠠᠶᠡ ᠤᠯᠤᠰ ᠣᠷᠣᠨ ᠢᠶᠠᠨ ᠨᠡᠩ ᠬᠥᠭᠵᠢᠭᠦᠯᠦᠨ ᠴᠡᠴᠡᠭᠯᠡᠭᠦᠯᠵᠦ ᠪᠠᠶᠠᠨ ᠬᠦᠴᠦᠷᠬᠡᠭ ᠪᠣᠯᠭᠠᠨ ᠪᠦᠲᠦᠭᠡᠨ ᠪᠠᠶᠢᠭᠤᠯᠤᠨ᠎ᠠ ᠭᠡᠳᠡᠭ ᠲᠤ ᠢᠲᠡᠭᠡᠵᠦ ᠪᠠᠶᠢᠨ᠎ᠠ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠺᠠᠮᠪᠤᠵᠠ ᠶᠢᠨ ᠨᠥᠬᠦᠷᠯᠡᠯ ᠮᠢᠩᠭᠠᠨ ᠣᠨ ᠢ ᠲᠤᠭᠤᠯᠵᠤ᠂ ᠬᠤᠶᠠᠷ ᠤᠯᠤᠰ ᠤᠨ ᠠᠷᠠᠳ ᠲᠦᠮᠡᠨ ᠢᠮᠠᠭᠲᠠ ᠥᠭᠡᠳᠡ | ᠥᠭᠡᠳᠡ ᠠᠴᠠ ᠪᠠᠨ ᠲᠡᠮᠡᠦᠯᠦᠨ᠂ ᠬᠠᠷᠢᠯᠴᠠᠨ ᠬᠠᠮᠵᠢᠯᠴᠠᠨ ᠠᠮᠵᠢᠯᠲᠠ ᠪᠦᠲᠦᠮᠵᠢ ᠡᠭᠦᠳᠪᠡ᠃ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠳᠤᠮᠳᠠᠳᠤ | ᠺᠠᠮᠪᠤᠵᠠ ᠬᠤᠶᠠᠷ ᠤᠯᠤᠰ ᠢᠲᠡᠭᠡᠯ ᠵᠢᠷᠤᠮ ᠢ ᠪᠠᠲᠤ ᠰᠠᠬᠢᠨ᠂ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠵᠤ᠂ ᠲᠤᠰ ᠲᠤᠰ ᠤᠨ ᠢᠶᠠᠨ ᠭᠤᠣᠯᠯᠠᠭᠴᠢ ᠠᠰᠢᠭ | ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠢᠮᠠᠭᠲᠠ ᠬᠠᠷᠢᠯᠴᠠᠨ ᠳᠡᠮᠵᠢᠬᠦ ᠪᠠᠨ ᠪᠠᠷᠢᠮᠲᠠᠯᠠᠵᠤ᠂ ᠶᠡᠭᠡ ᠪᠠᠭ᠎ᠠ ᠤᠯᠤᠰ ᠤᠳ | ᠡᠷᠬᠡ ᠲᠡᠭᠰᠢ ᠬᠠᠨᠳᠤᠯᠴᠠᠬᠤ᠂ ᠴᠢᠩ ᠦᠨᠡᠨᠴᠢ ᠬᠠᠷᠢᠯᠴᠠᠨ ᠢᠲᠡᠭᠡᠯᠴᠡᠬᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠬᠡᠪ ᠳᠠᠭᠤᠷᠢᠶᠠᠯ ᠢ ᠪᠤᠢ | ᠪᠤᠯᠭᠠᠬᠰᠠᠨ ᠪᠠᠶᠢᠨ᠎ᠠ᠃ ᠳᠤᠮᠳᠠᠳᠤ ᠺᠠᠮᠪᠤᠵᠠ ᠬᠤᠶᠠᠷ ᠤᠯᠤᠰ ᠢᠮᠠᠭᠲᠠ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ | ᠡᠮᠦᠨ᠎ᠡ ᠡᠩᠨᠡᠭᠡᠨ ᠳᠤ ᠶᠠᠪᠤᠵᠤ᠂ ᠺᠠᠮᠪᠤᠵᠠ ᠶᠢᠨ ᠠᠷᠠᠳ ᠤᠯᠠᠨ ᠳᠤ ᠦᠨᠡᠨ ᠪᠣᠳᠠᠲᠠᠢ ᠠᠰᠢᠭ ᠬᠦᠷᠲᠡᠭᠡᠭᠰᠡᠨ ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠶᠢᠨ ᠲᠠᠯ᠎ᠠ ᠶᠢᠨ ᠬᠢᠨ ᠺᠠᠮᠪᠤᠵᠠ ᠶᠢᠨ ᠸᠠᠩ ᠤᠨ ᠤᠭᠰᠠᠭ᠎ᠠ ᠯᠤᠭ᠎ᠠ ᠶᠢᠨ ᠨᠥᠬᠦᠷᠯᠡᠯ ᠢᠶᠠᠨ ᠨᠠᠨᠳᠢᠩᠨᠠᠨ ᠦᠵᠡᠵᠦ᠂ ᠺᠠᠮᠪᠤᠵᠠ ᠶᠢᠨ | ᠸᠠᠩ ᠤᠨ ᠤᠭᠰᠠᠭ᠎ᠠ ᠶᠢᠨ ᠬᠢᠨ ᠤ ᠣᠯᠠᠨ ᠵᠢᠯ ᠤᠨ ᠲᠤᠷᠰᠢ ᠳᠤᠮᠳᠠᠳᠤ ᠺᠠᠮᠪᠤᠵᠠ ᠶᠢᠨ ᠨᠥᠬᠦᠷᠯᠡᠯ ᠤᠨ ᠦᠢᠯᠡᠰ ᠲᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠶᠢ | ᠳᠡᠭᠡᠳᠦ ᠬᠡᠮᠵᠢᠶ᠎ᠡ ᠪᠠᠷ ᠦᠨᠡᠯᠡᠵᠦ ᠪᠠᠶᠢᠨ᠎ᠠ᠃ ᠰᠢᠨ᠎ᠡ ᠪᠠᠶᠢᠳᠠᠯ ᠳᠣᠣᠷ᠎ᠠ ᠳᠤᠮᠳᠠᠳᠤ ᠺᠠᠮᠪᠤᠵᠠ ᠬᠤᠶᠠᠷ ᠲᠠᠯ᠎ᠠ ᠪᠠᠷ ᠢᠶᠠᠨ ᠳᠤᠮᠳᠠᠳᠤ ᠤᠯᠤᠰ ᠤᠨ ᠠᠬᠠᠮᠠᠳ ᠨᠢᠭᠡ | ᠦᠶ᠎ᠡ ᠶᠢᠨ ᠤᠳᠤᠷᠢᠳᠬᠤ ᠬᠥᠮᠥᠨ ᠪᠣᠯᠣᠨ ᠤᠯᠤᠰ ᠤᠨ ᠸᠠᠩ ᠰᠢᠬᠠᠮᠦᠨᠢ ᠶᠢᠨ ᠬᠠᠮᠲᠤ ᠪᠠᠷ ᠴᠣᠭᠴᠠᠯᠠᠨ ᠪᠠᠶᠢᠭᠤᠯᠤᠭᠰᠠᠨ ᠳᠤᠮᠳᠠᠳᠤ ᠺᠠᠮᠪᠤᠵᠠ ᠶᠢᠨ ᠪᠣᠯᠣᠳ ᠮᠡᠲᠦ | ᠪᠠᠲᠤ ᠨᠥᠬᠦᠷᠯᠡᠯ ᠢ ᠨᠠᠨᠳᠢᠩᠨᠠᠨ ᠵᠠᠯᠭᠠᠮᠵᠢᠯᠠᠵᠤ᠂ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠳᠤ ᠰᠢᠨ᠎ᠡ ᠴᠠᠭ ᠦᠶ᠎ᠡ ᠶᠢᠨ ᠠᠭᠤᠯᠬᠤᠨ | ᠣᠯᠭᠤᠵᠤ᠂ ᠥᠪᠡᠷ ᠥᠪᠡᠷ ᠤᠨ ᠤᠯᠤᠰ ᠤᠨ ᠬᠥᠭᠵᠢᠯᠲᠡ ᠪᠣᠯᠣᠨ ᠠᠷᠠᠳ ᠲᠦᠮᠡᠨ ᠤ ᠪᠤᠶᠠᠨ ᠵᠢᠷᠭᠠᠯ ᠳᠤ ᠦᠢᠯᠡᠴᠢᠯᠡᠵᠦ᠂ ᠬᠥᠷᠰᠢ ᠵᠡᠷᠭᠡᠯᠡᠳᠡᠭᠡ ᠶᠢᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠳᠤ | ᠨᠡᠩ ᠶᠡᠭᠡ ᠬᠤᠪᠢ ᠨᠡᠮᠡᠷᠢ ᠦᠵᠡᠭᠦᠯᠦᠶ᠎ᠡ᠃ ᠳᠤᠮᠳᠠᠳᠤ ᠤᠯᠤᠰ ᠺᠠᠮᠪᠤᠵᠠ ᠶᠢᠨ ᠲᠣᠭᠲᠠᠭᠤᠨ ᠢᠶᠠᠨ ᠪᠠᠲᠤᠯᠠᠨ᠂ ᠬᠥᠭᠵᠢᠯᠲᠡ ᠪᠠᠨ ᠲᠦᠷᠭᠡᠳᠬᠡᠨ᠂ ᠠᠷᠠᠳ ᠤᠨ | ᠠᠮᠢᠳᠤᠷᠠᠯ ᠢᠶᠠᠨ ᠰᠠᠶᠢᠵᠢᠷᠠᠭᠤᠯᠵᠤ᠂ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠡᠷᠡᠰ ᠳᠡᠮᠵᠢᠨ᠎ᠠ᠃ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠺᠠᠮᠪᠤᠵᠠ ᠵᠡᠷᠭᠡ ᠬᠥᠷᠰᠢ ᠵᠡᠷᠭᠡᠯᠡᠳᠡᠭᠡ ᠤᠯᠤᠰ ᠤᠳ ᠲᠤ ᠨᠡᠩ ᠤᠯᠠᠨ ᠠᠵᠠ ᠲᠣᠭᠢᠶᠠᠯ ᠠᠪᠴᠢᠷᠠᠨ᠎ᠠ ᠭᠡᠳᠡᠭ ᠲᠤ | ᠢᠲᠡᠭᠡᠵᠦ ᠪᠠᠶᠢᠨ᠎ᠠ᠃ ᠰᠢᠨ᠎ᠡ ᠴᠠᠭ ᠦᠶ᠎ᠡ ᠶᠢᠨ ᠥᠨᠢᠳᠡ ᠶᠢᠨ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠨᠢ ᠯᠠᠪᠲᠠᠢ | ᠢᠷᠠᠭᠤ ᠭᠠᠶᠢᠬᠠᠮᠰᠢᠭᠲᠤ ᠬᠠᠭᠤᠳᠠᠰᠤ ᠶᠢ ᠪᠢᠴᠢᠭᠯᠡᠨ᠎ᠡ ᠭᠡᠳᠡᠭ ᠲᠤ ᠢᠲᠡᠭᠡᠵᠦ ᠪᠠᠶᠢᠨ᠎ᠠ ᠭᠡᠵᠦ ᠴᠢᠬᠤᠯᠠᠴᠢᠯᠠᠪᠠ᠃ | ᠰᠢᠬᠠᠮᠦᠨᠢ ᠺᠠᠮᠪᠤᠵᠠ ᠶᠢᠨ ᠸᠠᠩ ᠤᠨ ᠤᠭᠰᠠᠭ᠎ᠠ᠂ ᠳᠡᠭᠡᠳᠦ ᠵᠥᠪᠯᠡᠯ᠂ ᠵᠠᠰᠠᠭ ᠤᠨ ᠣᠷᠳᠣᠨ ᠪᠣᠯᠣᠨ ᠪᠦᠭᠦ ᠠᠷᠠᠳ ᠲᠦᠮᠡᠨ ᠤ ᠡᠮᠦᠨ᠎ᠡ ᠠᠴᠠ ᠲᠡᠷᠢᠭᠦᠯᠡᠭᠴᠢ | ᠰᠢ ᠶᠢᠨ ᠫᠢᠩ ᠤᠨ ᠠᠶᠢᠯᠴᠢᠯᠠᠬᠤ ᠪᠠᠷ ᠢᠷᠡᠭᠰᠡᠨ ᠢ ᠬᠠᠯᠠᠭᠤᠨ ᠢᠶᠠᠷ ᠤᠭᠲᠤᠪᠠ᠃ ᠰᠢᠬᠠᠮᠦᠨᠢ᠂ ᠺᠠᠮᠪᠤᠵᠠ ᠳᠤᠮᠳᠠᠳᠤ ᠶᠢᠨ ᠨᠥᠬᠦᠷᠯᠡᠯ ᠢ ᠬᠤᠶᠠᠷ ᠤᠯᠤᠰ ᠤᠨ | ᠠᠬᠠᠮᠠᠳ ᠨᠢᠭᠡ ᠦᠶ᠎ᠡ ᠶᠢᠨ ᠤᠳᠤᠷᠢᠳᠬᠤ ᠬᠥᠮᠥᠰ ᠪᠡᠶ᠎ᠡ ᠪᠠᠷ ᠢᠶᠠᠨ ᠴᠣᠭᠴᠠᠯᠠᠨ ᠪᠠᠶᠢᠭᠤᠯᠵᠤ ᠭᠦᠨᠵᠡᠭᠡᠶᠢᠷᠡᠭᠦᠯᠦᠭᠰᠡᠨ ᠶᠤᠮ᠃ ᠬᠤᠶᠠᠷ ᠲᠠᠯ᠎ᠠ ᠶᠢᠨ ᠬᠠᠮᠲᠤ ᠶᠢᠨ | ᠴᠢᠷᠮᠠᠶᠢᠯᠭ᠎ᠠ ᠪᠠᠷ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠡᠳᠦᠷ ᠢᠷᠡᠬᠦᠶ᠎ᠡ ᠨᠢᠭᠲᠠᠷᠠᠵᠤ᠂ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ | ᠲᠠᠰᠤᠷᠠᠯᠳᠠ ᠦᠭᠡᠢ ᠭᠦᠨᠵᠡᠭᠡᠶᠢᠷᠡᠵᠦ᠂ ᠰᠠᠷ᠎ᠠ ᠪᠣᠯᠭᠠᠨ ᠲᠠᠪᠰᠢᠯᠳᠠ ᠲᠠᠢ᠂ ᠵᠢᠯ ᠪᠣᠯᠭᠠᠨ ᠦᠷ᠎ᠡ ᠪᠦᠲᠦᠭᠡᠯ ᠲᠠᠢ ᠪᠣᠯᠵᠠᠢ ᠭᠡᠵᠦ ᠬᠡᠯᠡᠵᠦ ᠪᠣᠯᠣᠨ᠎ᠠ᠃ | ᠺᠠᠮᠪᠤᠵᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠪᠠᠷᠢᠮᠲᠠᠯᠠᠵᠤ᠂ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ | ᠭᠤᠷᠪᠠᠨ ᠶᠡᠭᠡ ᠰᠠᠨᠠᠭᠠᠴᠢᠯᠠᠭ᠎ᠠ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ | ᠬᠠᠮᠲᠤᠷᠠᠯᠴᠠᠭ᠎ᠠ ᠨᠢ ᠺᠠᠮᠪᠤᠵᠠ ᠳᠤ ᠯᠤᠲᠤ ᠶᠡᠭᠡ ᠬᠥᠭᠵᠢᠯᠲᠡ ᠶᠢᠨ ᠠᠵᠠ ᠲᠣᠭᠢᠶᠠᠯ ᠠᠪᠴᠢᠷᠠᠭᠰᠠᠨ ᠳᠤ ᠲᠠᠯᠠᠷᠬᠠᠵᠤ ᠪᠠᠶᠢᠨ᠎ᠠ᠃ ᠲᠡᠷᠢᠭᠦᠯᠡᠭᠴᠢ ᠰᠢ ᠶᠢᠨ ᠫᠢᠩ ᠤᠨ | ᠲᠤᠰ ᠤᠳᠠᠭ᠎ᠠ ᠶᠢᠨ ᠠᠶᠢᠯᠴᠢᠯᠠᠯᠲᠠ ᠪᠣᠯ ᠨᠢᠭᠡ ᠤᠳᠠᠭ᠎ᠠ ᠶᠢᠨ ᠲᠡᠦᠬᠡᠲᠦ ᠴᠢᠨᠠᠷᠲᠠᠢ ᠠᠶᠢᠯᠴᠢᠯᠠᠯᠲᠠ ᠪᠣᠯᠣᠨ᠎ᠠ᠃ ᠬᠤᠶᠠᠷ ᠤᠯᠤᠰ ᠤᠨ ᠦᠨᠡᠨᠴᠢ ᠨᠥᠬᠦᠷᠯᠡᠯ ᠢ | ᠭᠦᠨᠵᠡᠭᠡᠶᠢᠷᠡᠭᠦᠯᠵᠦ᠂ ︽ᠠᠯᠮᠠᠰ ᠵᠢᠷᠭᠤᠭᠠᠨ ᠲᠠᠯ᠎ᠠ︾ ᠶᠢᠨ ᠬᠠᠮᠲᠤᠷᠠᠯᠴᠠᠭᠠᠨ ᠤ ᠪᠦᠲᠦᠴᠡ ᠶᠢ ᠲᠡᠭᠦᠯᠳᠡᠷᠵᠢᠭᠦᠯᠵᠦ᠂ ᠺᠠᠮᠪᠤᠵᠠ ᠳᠤᠮᠳᠠᠳᠤ ᠶᠢᠨ ᠬᠠᠷᠢᠯᠴᠠᠭ᠎ᠠ ᠶᠢᠨ | ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃ ᠺᠠᠮᠪᠤᠵᠠ ᠶᠢᠨ ᠬᠢᠨ ᠳᠤᠷᠠᠲᠠᠶ᠎ᠠ ᠲᠤᠮᠳᠠᠳᠤ ᠤᠯᠤᠰ ᠯᠤᠭ᠎ᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ | ᠬᠤᠯᠪᠤᠭ᠎ᠠ — ᠳᠤᠮᠳᠠᠳᠤ ᠤᠯᠤᠰ ᠤᠨ ᠬᠠᠮᠲᠤᠷᠠᠯᠴᠠᠭ᠎ᠠ᠂ ᠯᠠᠨᠼᠠᠩᠵᠢᠶᠠᠩ ᠮᠥᠷᠡᠨ ᠮᠦᠢᠭᠤᠩ ᠮᠥᠷᠡᠨ ᠤ ᠬᠠᠮᠲᠤᠷᠠᠯᠴᠠᠭ᠎ᠠ ᠵᠡᠷᠭᠡ ᠤᠯᠠᠨ ᠲᠠᠯᠠᠲᠤ | ᠲᠣᠭᠲᠠᠴᠠ ᠳᠠᠬᠢ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠬᠥᠭᠵᠢᠯ ᠴᠡᠴᠡᠭᠯᠡᠯ ᠢ ᠬᠠᠮᠲᠤ ᠪᠠᠷ | ᠠᠬᠢᠭᠤᠯᠤᠨ᠎ᠠ ᠭᠡᠵᠦ ᠢᠯᠡᠳᠬᠡᠪᠡ᠃ | ᠰᠢᠬᠠᠮᠦᠨᠢ ᠰᠢ ᠶᠢᠨ ᠫᠢᠩ ᠳᠤ ︽ᠺᠠᠮᠪᠤᠵᠠ ᠸᠠᠩᠲᠤ ᠤᠯᠤᠰ ᠤᠨ ᠦᠨᠳᠦᠰᠦᠲᠡᠨ ᠤ ᠲᠤᠰᠠᠭᠠᠷ ᠲᠣᠭᠲᠠᠨᠢᠯ ᠤᠨ ᠲᠣᠮᠣ ᠰᠣᠨᠳᠣᠷ ᠤᠨ ᠳᠡᠰ ᠤᠨ ᠭᠠᠪᠢᠶᠠᠨ | ᠲᠡᠮᠳᠡᠭ︾ ᠣᠯᠭᠤᠪᠠ᠃ | ᠰᠢᠬᠠᠮᠦᠨᠢ᠂ ᠲᠡᠷᠢᠭᠦᠯᠡᠭᠴᠢ ᠰᠢ ᠶᠢᠨ ᠫᠢᠩ ᠺᠠᠮᠪᠤᠵᠠ ᠳᠤ ᠣᠨᠴᠠᠭᠠᠢ ᠨᠥᠭᠦᠷᠰᠡᠭ ᠬᠠᠶᠢᠷ᠎ᠠ ᠰᠡᠳᠬᠢᠯᠭᠡ ᠲᠠᠢ ᠪᠠᠶᠢᠵᠤ᠂ ᠺᠠᠮᠪᠤᠵᠠ ᠳᠤᠮᠳᠠᠳᠤ ᠶᠢᠨ | ᠬᠠᠷᠢᠯᠴᠠᠭ᠎ᠠ ᠶᠢᠨ ᠬᠥᠭᠵᠢᠯᠲᠡ ᠶᠢ ᠠᠬᠢᠭᠤᠯᠬᠤ ᠳᠤ ᠭᠠᠷᠮᠠᠭᠠᠢ ᠬᠤᠪᠢ ᠨᠡᠮᠡᠷᠢ ᠦᠵᠡᠭᠦᠯᠦᠭᠰᠡᠨ ᠺᠠᠮᠪᠤᠵᠠ ᠶᠢᠨ ᠠᠭᠤᠤ ᠶᠡᠭᠡ ᠨᠠᠶᠢᠵᠠ ᠪᠣᠯᠣᠨ᠎ᠠ᠃ ᠲᠡᠷᠢᠭᠦᠯᠡᠭᠴᠢ | ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ ᠳᠤᠮᠳᠠᠳᠤ ᠤᠯᠤᠰ ᠨᠡᠩ ᠶᠡᠭᠡ ᠬᠥᠭᠵᠢᠯᠲᠡ ᠶᠢᠨ ᠠᠮᠵᠢᠯᠲᠠ ᠣᠯᠵᠤ᠂ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ | ᠶᠠᠪᠤᠳᠠᠯ ᠳᠤᠮᠳᠠ ᠨᠡᠩ ᠴᠢᠬᠤᠯᠠ ᠦᠢᠯᠡᠳᠦᠯ ᠦᠵᠡᠭᠦᠯᠭᠦ ᠶᠢ ᠢᠲᠡᠭᠡᠵᠦ ᠪᠠᠶᠢᠨ᠎ᠠ ᠭᠡᠵᠦ ᠢᠯᠡᠳᠬᠡᠪᠡ᠃ | ᠰᠢ ᠶᠢᠨ ᠫᠢᠩ᠂ ᠡᠨᠡ ᠬᠦ ᠭᠠᠪᠢᠶᠠᠨ ᠲᠡᠮᠳᠡᠭ ᠨᠢ ᠺᠠᠮᠪᠤᠵᠠ ᠶᠢᠨ ᠳᠤᠮᠳᠠᠳᠤ ᠺᠠᠮᠪᠤᠵᠠ ᠶᠢᠨ ᠬᠠᠷᠢᠯᠴᠠᠭ᠎ᠠ ᠶᠢ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ ᠪᠠᠶᠢᠬᠤ ᠶᠢ ᠭᠦᠢᠴᠡᠳ ᠬᠠᠷᠠᠭᠤᠯᠵᠤ᠂ ᠺᠠᠮᠪᠤᠵᠠ ᠶᠢᠨ ᠠᠷᠠᠳ ᠲᠦᠮᠡᠨ ᠤ ᠳᠤᠮᠳᠠᠳᠤ ᠤᠯᠤᠰ ᠤᠨ ᠠᠷᠠᠳ ᠲᠦᠮᠡᠨ ᠯᠦᠭᠡ ᠶᠢᠨ ᠭᠦᠨ ᠵᠤᠵᠠᠭᠠᠨ | ᠨᠥᠬᠦᠷᠯᠡᠯ ᠢ ᠠᠴᠢᠶᠠᠯᠠᠵᠤ ᠪᠠᠶᠢᠨ᠎ᠠ᠃ ᠡᠨᠡ ᠬᠦ ᠢᠷᠠᠭᠤ ᠠᠯᠳᠠᠷ ᠨᠢ ᠮᠢᠨᠤ ᠬᠤᠪᠢ ᠬᠥᠮᠥᠨ ᠤ ᠪᠥᠭᠡᠳ ᠪᠠᠰᠠ ᠳᠤᠮᠳᠠᠳᠤ ᠺᠠᠮᠪᠤᠵᠠ ᠶᠢᠨ ᠨᠥᠬᠦᠷᠯᠡᠯ ᠤᠨ ᠲᠥᠯᠥᠭᠡ | ᠵᠢᠳᠬᠦᠭᠰᠡᠨ ᠪᠤᠢ ᠪᠦᠬᠦᠢ ᠨᠥᠭᠦᠷᠰᠡᠭ ᠬᠥᠮᠥᠰ ᠤᠨ ᠢᠷᠠᠭᠤ ᠠᠯᠳᠠᠷ ᠪᠣᠯᠣᠨ᠎ᠠ ᠭᠡᠵᠦ ᠢᠯᠡᠳᠬᠡᠪᠡ᠃ | ᠲᠤᠰ ᠣᠷᠣᠢ ᠰᠢᠬᠠᠮᠦᠨᠢ ᠰᠢ ᠶᠢᠨ ᠫᠢᠩ ᠢ ᠤᠭᠲᠤᠬᠤ ᠳᠠᠶᠢᠯᠠᠯᠭ᠎ᠠ ᠬᠢᠪᠡ᠃ | ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ | | | |