ᠥᠪᠥᠷ ᠮᠣᠩᠭᠤᠯ 2025 ᠣᠨ ᠤ ᠬᠤᠳᠠᠯᠳᠤᠭᠠᠨ ᠤ ᠶᠠᠪᠤᠳᠠᠯ ᠪᠠ ᠬᠢᠯᠢ ᠶᠢᠨ ᠪᠣᠭᠤᠮᠲᠠ ᠶᠢᠨ ᠬᠥᠭᠵᠢᠯᠲᠡ ᠳᠤ ᠬᠡᠷᠡᠭᠯᠡᠬᠦ ᠲᠤᠰᠬᠠᠶ ᠵᠦᠢᠯ ᠤᠨ ᠪᠠᠯᠠ ᠮᠥᠩᠭᠦ ᠶᠢ 1.33 ᠳ᠋ᠦᠩᠰᠢᠭᠤᠷ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2025/4/23
      4 ᠳ᠋ᠦ᠋ᠭᠡᠷ ᠰᠠᠷ᠎ᠠ ᠶᠢᠨ 14 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠪᠥᠬᠦ ᠣᠷᠣᠨ ᠤ ᠬᠢᠯᠢ ᠶᠢᠨ ᠪᠣᠭᠤᠮᠲᠠ ᠶᠢᠨ ᠴᠢᠨᠠᠷ ᠰᠠᠶᠢᠲᠠᠶ ᠬᠥᠭᠵᠢᠯᠲᠡ ᠶᠢᠨ ᠭᠤᠤᠯᠳᠠᠯᠭ᠎ᠠ ᠪᠣᠯᠬᠤ ᠡᠭᠦᠷᠭᠡ ᠶᠢᠨ ᠲᠣᠭᠤᠷᠢᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠨᠢᠭᠡᠨᠲᠡ 2025 ᠣᠨ ᠤ ᠬᠤᠳᠠᠯᠳᠤᠭᠠᠨ ᠤ ᠶᠠᠪᠤᠳᠠᠯ ᠪᠠ ᠬᠢᠯᠢ ᠶᠢᠨ ᠪᠣᠭᠤᠮᠲᠠ ᠶᠢᠨ ᠬᠥᠭᠵᠢᠯᠲᠡ ᠳᠤ ᠬᠡᠷᠡᠭᠯᠡᠬᠦ ᠲᠤᠰᠬᠠᠶ ᠵᠦᠢᠯ ᠤᠨ ᠪᠠᠯᠠ ᠮᠥᠩᠭᠦ ᠶᠢ 1.33 ᠳ᠋ᠦᠩᠰᠢᠭᠤᠷ ᠲᠥᠭᠦᠷᠢᠭ ᠪᠠᠭᠤᠯᠭᠠᠵᠤ᠂ ᠪᠥᠬᠦ ᠣᠷᠣᠨ ᠤ ᠬᠢᠯᠢ ᠶᠢᠨ ᠪᠣᠭᠤᠮᠲᠠ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ᠂ ᠬᠢᠯᠢ ᠶᠢᠨ ᠪᠣᠭᠤᠮᠲᠠ ᠪᠠᠷ ᠥᠩᠭᠡᠷᠡᠭᠡᠬᠦ ᠴᠢᠳᠠᠪᠤᠷᠢ ᠪᠠ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠳᠤ ᠭᠤᠤᠯᠳᠠᠯᠭ᠎ᠠ ᠲᠠᠢ ᠳᠡᠮᠵᠢᠨ᠎ᠡ᠃ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ