4 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠨᠡᠶᠢᠰᠯᠡᠯ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠬᠤ ᠦᠶ᠎ᠡ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠣᠭᠤᠭᠠᠷᠠᠭᠤᠯᠤᠯᠲᠠ ᠶᠢ ᠥᠷᠭᠡᠳᠭᠡᠵᠦ ᠨᠣᠭᠤᠭᠠᠷᠠᠭᠤᠯᠤᠯᠲᠠ ᠶᠢ ᠬᠥᠭᠵᠢᠭᠦᠯᠬᠦ | ᠨᠣᠭᠤᠭᠠᠷᠠᠭᠤᠯᠤᠯᠲᠠ ᠶᠢ ᠬᠠᠮᠠᠭᠠᠯᠠᠬᠤ ︽ᠭᠤᠷᠪᠠᠨ ᠨᠣᠭᠤᠭᠠᠷᠠᠭᠤᠯᠤᠯᠲᠠ︾ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠣᠶ ᠰᠢᠭᠤᠶ ᠶᠢᠨ ᠤᠰᠤᠨ ᠤ ᠬᠥᠮᠥᠷᠬᠡ | ᠂ ᠵᠣᠭᠤᠰᠣᠨ ᠬᠥᠮᠥᠷᠭᠡ᠂ ᠠᠮᠤ ᠪᠤᠳᠠᠭᠠᠨ ᠤ ᠬᠥᠮᠥᠷᠭᠡ᠂ ᠨᠡᠭᠦᠷᠡᠰᠦᠲᠥ᠋ᠷᠥᠭᠴᠢ ᠶᠢᠨ ᠬᠥᠮᠥᠷᠭᠡ ᠵᠡᠷᠭᠡ ︽ᠳᠥᠷᠪᠡᠨ ᠬᠥᠮᠥᠷᠭᠡ︾ ᠶᠢᠨ ᠬᠤᠯᠪᠣᠭᠠᠯᠠᠨ | ᠬᠥᠳᠡᠯᠦᠯᠴᠡᠬᠦ ᠶᠢ ᠠᠬᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠠᠮᠢᠳᠤᠯᠢᠭ ᠢᠶᠠᠷ ᠬᠡᠷᠡᠭᠯᠡᠵᠦ᠂ ᠣᠶ ᠰᠢᠭᠤᠶ ᠨᠤᠲᠤᠭ ᠪᠡᠯᠴᠢᠭᠡᠷ ᠤᠨ ᠠᠵᠤ | ᠦᠢᠯᠡᠰ ᠢ ᠪᠤᠵᠠᠭᠠᠶᠢᠷᠠᠭᠤᠯᠵᠤ᠂ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠴᠢᠬᠤᠯᠠ ᠶᠡᠭᠡ ᠠᠮᠢ ᠠᠬᠤᠶ ᠶᠢᠨ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠥᠷᠭᠡᠳᠭᠡᠬᠦ ᠬᠡᠷᠡᠭᠲᠡᠶ᠃ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ︽ᠤᠮᠠᠷᠠᠲᠤ ᠶᠢᠨ ᠭᠤᠷᠪᠠᠨ ᠤᠷᠤᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ | ᠰᠠᠶᠢᠲᠤᠷ ᠬᠢᠵᠦ᠂ ᠠᠮᠢ ᠠᠬᠤᠢ ᠶᠢᠨ ᠬᠦᠷᠢᠶᠡᠨ ᠤ ᠤᠰᠤ ᠠᠷᠪᠢᠯᠠᠬᠤ᠂ ᠴᠢᠬᠢ ᠮᠣᠳᠣᠨ ᠤ ᠬᠠᠩᠭᠠᠯᠭ᠎ᠠ ᠶᠢ ᠪᠠᠲᠤᠯᠠᠬᠤ ᠪᠠ ᠬᠦᠳᠡᠯᠮᠦᠷᠢᠯᠡᠬᠦ ᠪᠠᠷ ᠲᠡᠳᠬᠦᠮᠵᠢ ᠶᠢ | ᠣᠷᠣᠯᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ ᠤᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠭᠠᠵᠠᠷ ᠣᠷᠣᠨ ᠤ | ᠪᠠᠶᠢᠳᠠᠯ ᠳᠠᠭᠠᠨ ᠲᠤᠬᠢᠷᠠᠭᠤᠯᠤᠨ ᠴᠢᠬᠢ ᠮᠣᠳᠣ ᠰᠣᠩᠭᠤᠵᠤ᠂ ᠡᠳᠡᠭᠡᠷᠡᠯᠲᠡ ᠶᠢᠨ ᠨᠤᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ 2000 ᠲᠦᠮᠡᠨ | ᠮᠦ ᠠᠴᠠ ᠳᠡᠭᠡᠭᠰᠢᠬᠢ ᠡᠯᠡᠰᠦ ᠶᠢ ᠵᠠᠰᠠᠬᠤ ᠣᠨ ᠤ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠬᠦᠷᠰᠢ ᠵᠡᠷᠭᠡᠯᠡᠳᠡᠭᠡ ᠶᠢᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ | ᠲᠣᠭᠲᠠᠭᠠᠯᠲᠠ ᠲᠠᠢ ᠨᠢᠭᠲᠠ ᠤᠶᠠᠯᠳᠤᠭᠤᠯᠤᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠬᠦᠷᠰᠢ | ᠵᠡᠷᠭᠡᠯᠡᠳᠡᠭᠡ ᠤᠯᠤᠰ ᠯᠤᠭ᠎ᠠ ᠶᠢᠨ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠰᠣᠯᠢᠯᠴᠠᠭ᠎ᠠ ᠶᠢ ᠨᠠᠷᠢᠨ ᠨᠢᠮᠪᠠᠶ ᠤᠬᠠᠭᠠᠯᠠᠨ ᠲᠥᠰᠦᠪᠯᠡᠵᠦ᠂ ᠭᠠᠳᠠᠭᠠᠳᠤ ᠠᠷᠠᠯᠵᠢᠶ᠎ᠠ ᠶᠢ | ᠲᠣᠭᠲᠠᠪᠤᠷᠢᠵᠢᠭᠤᠯᠵᠤ ᠭᠠᠳᠠᠭᠠᠳᠤ ᠪᠠᠯᠠ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠢᠨ | ᠭᠠᠳᠠᠭᠠᠳᠤ ᠳᠤ ᠠᠶᠢᠯᠴᠢᠯᠠᠵᠤ ᠲᠣᠬᠢᠷᠠᠯᠴᠠᠭᠰᠠᠨ ᠬᠠᠮᠲᠤ ᠶᠢᠨ ᠲᠠᠨᠢᠯᠲᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠥᠲᠥᠭᠡᠨ ᠪᠠᠶᠢᠭᠤᠯᠤᠯᠲᠠ | ᠠᠵᠢᠯᠯᠠᠭᠠᠨ ᠤ ᠬᠠᠮᠢᠶᠠᠷᠤᠯᠲᠠ ᠶᠢᠨ ᠠᠷᠭ᠎ᠠ ᠶᠢ ᠰᠤᠳᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ | ᠰᠠᠶᠢᠲᠤᠷ ᠬᠡᠷᠡᠭᠵᠢᠭᠦᠯᠵᠦ᠂ ᠠᠷᠪᠠᠨ ᠶᠡᠭᠡ ᠠᠵᠤ ᠦᠢᠯᠡᠰ ᠤᠨ ᠪᠦᠯᠦᠭᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠲᠠᠪᠴᠠᠩ ᠪᠠᠶᠢᠬᠤ ᠡᠰᠡᠬᠦ᠂ ᠰᠠᠶᠢᠨ ᠪᠠᠶᠢᠬᠤ ᠡᠰᠡᠬᠦ᠂ ᠬᠦᠴᠦᠷᠬᠡᠭ ᠪᠠᠶᠢᠬᠤ ᠡᠰᠡᠬᠦ ᠠᠰᠠᠭᠤᠳᠠᠯ ᠢ ᠰᠢᠢᠳᠪᠦᠷᠢᠯᠡᠵᠦ᠂ ᠰᠤᠷᠭᠠᠨ ᠬᠥᠮᠦᠵᠢᠯ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠤ ᠡᠬᠢ ᠪᠠᠶᠠᠯᠢᠭ ᠢ ᠵᠤᠯᠭᠠᠯᠴᠠᠭᠤᠯᠤᠨ ᠬᠠᠮᠳᠤᠷᠠᠯᠴᠠᠭᠤᠯᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠭᠦᠨᠵᠡᠭᠡᠶ ᠠᠭᠤᠰᠤᠯᠴᠠᠯ ᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠠᠯᠠ ᠣᠷᠣᠭᠤᠯᠤᠬᠰᠠᠨ ᠡᠵᠡᠩᠨᠡᠯᠲᠡ ᠶᠢᠨ ᠪᠤᠰᠤ ᠴᠢᠨᠠᠷᠲᠠᠶ | ᠲᠥᠷᠥᠯ ᠵᠦᠢᠯ ᠤᠨ ᠣᠷᠣᠯᠠᠨ ᠪᠠᠶᠢᠭᠤᠯᠬᠤ ᠲᠦᠷᠢᠮ ᠤᠨ ᠬᠠᠮᠢᠶᠠᠷᠤᠯᠲᠠ ᠶᠢᠨ ᠠᠷᠭ᠎ᠠ ᠶᠢ ᠬᠢᠨᠠᠨ ᠵᠥᠪᠯᠡᠵᠦ ᠪᠠᠲᠤᠯᠠᠨ᠂ ᠲᠣᠭᠲᠠᠭᠰᠠᠨ ᠪᠤᠯ ᠲᠠᠷᠦ᠋ᠢᠬᠠᠨ | ᠭᠦᠢᠴᠡᠳᠭᠡᠵᠦ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠂ ᠣᠷᠣᠯᠠᠨ ᠪᠦᠳᠦᠬᠡᠨ ᠪᠠᠶᠢᠭᠤᠯᠬᠤ ᠢᠨᠵᠧᠨᠧᠷᠢᠩ ᠢ ᠴᠢᠨᠠᠷ ᠰᠠᠶᠢᠲᠠᠶ ᠰᠣᠳᠣᠨ ᠢᠨᠵᠧᠨᠧᠷᠢᠩ | ᠪᠣᠯᠭᠠᠨ ᠪᠥᠲᠥᠭᠡᠨ ᠪᠠᠶᠢᠭᠤᠯᠬᠤ ᠬᠡᠷᠡᠭᠲᠡᠢ᠃ 5000 ᠲᠦᠮᠡᠨ ᠲᠥᠭᠦᠷᠢᠭ ᠠᠴᠠ ᠳᠡᠭᠡᠭᠰᠢᠬᠢ ᠵᠠᠰᠠᠭ ᠤᠨ ᠣᠷᠳᠣᠨ ᠤ ᠪᠡᠯᠡ ᠣᠷᠣᠭᠤᠯᠤᠬᠰᠠᠨ 922 ᠲᠦᠷᠦᠯ | ᠵᠦᠢᠯ ᠤᠨ ᠠᠬᠢᠴᠠ ᠶᠢ ᠲᠦᠷᠭᠡᠳᠭᠡᠵᠦ᠂ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ ᠲᠦᠢᠮᠣ | ᠲᠥᠰᠦᠪ ᠠᠴᠠ ᠳᠠᠪᠠᠭᠤᠯᠤᠨ ᠪᠦᠲᠦᠭᠡᠨ ᠪᠠᠶᠢᠭᠤᠯᠬᠤ ᠪᠠ ᠪᠠᠷᠢᠯᠭ᠎ᠠ ᠶᠢᠨ ᠵᠣᠭᠤᠰ ᠢ ᠥᠷᠢᠲᠦᠬᠦ ᠶᠢ ᠴᠢᠩᠭ᠎ᠠ ᠰᠡᠷᠭᠡᠶᠢᠯᠡᠵᠦ᠂ ᠵᠠᠰᠠᠭ ᠤᠨ ᠣᠷᠳᠣᠨ ᠤ ᠪᠡᠯᠡ | ᠣᠷᠣᠭᠤᠯᠤᠬᠰᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃ | ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠶᠢ ᠰᠢᠯᠭᠠᠷᠠᠭᠤᠯᠬᠤ ᠵᠡᠷᠭᠡ ᠶᠠᠪᠤᠳᠠᠯ ᠢ ᠰᠤᠳᠤᠯᠪᠠ᠃ | | | |