ᠪᠦᠬᠦ ᠬᠤᠲᠠ ᠶᠢᠨ ᠠᠶᠤᠯᠭᠦᠢ ᠦᠢᠯᠡᠳᠪᠦᠷᠢᠯᠡᠯ ᠵᠢᠴᠢ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠸᠢᠳᠢᠣ᠋ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/23
      ᠵᠠᠩ ᠬᠤᠩ ᠹᠦ᠋ ᠶᠠᠷᠢᠶ᠎ᠠ ᠲᠠᠯᠪᠢᠵᠠᠢ      4 ᠰᠠᠷ᠎ᠠ ᠶᠢᠨ 14 ᠤ ᠡᠳᠦᠷ᠂ ᠮᠠᠨ ᠤ ᠬᠤᠲᠠ ᠠᠶᠤᠯᠭᠦᠶ ᠦᠢᠯᠡᠳᠪᠦᠷᠢᠯᠡᠯ ᠵᠢᠴᠢ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠸᠢᠳᠢᠣ᠋ ᠬᠤᠷᠠᠯ ᠬᠤᠷᠠᠯᠳᠤᠭᠤᠯᠵᠤ᠂ ᠪᠥᠬᠦ ᠬᠤᠲᠠ ᠶᠢᠨ ᠠᠶᠤᠯᠭᠦᠶ ᠦᠢᠯᠡᠳᠪᠦᠷᠢᠯᠡᠯ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ ᠣᠳᠣᠬᠠᠨ ᠤ ᠪᠠᠶᠢᠳᠠᠯ ᠢ ᠵᠠᠳᠠᠯᠤᠨ ᠰᠤᠳᠤᠯᠤᠨ ᠮᠠᠭᠠᠳᠯᠠᠵᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠠᠩ ᠬᠤᠩ ᠹᠦ᠋ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠪᠣᠯᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢᠨ ᠤᠬᠠᠮᠰᠠᠷ ᠪᠣᠯᠤᠨ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠠᠵᠠ ᠵᠠᠪᠰᠢᠶᠠᠨ ᠢ ᠡᠷᠢᠬᠦ ᠪᠤᠳᠤᠯ ᠪᠣᠯᠤᠨ ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠲᠡᠪᠴᠢᠵᠦ᠂ ᠠᠮᠤᠷ ᠲᠦᠪᠰᠢᠨ ᠤ ᠡᠨᠡᠬᠦ ᠬᠥᠪᠴᠢ ᠶᠢ ᠢᠮᠠᠭᠲᠠ ᠴᠢᠩᠭᠠᠯᠠᠵᠤ᠂ ᠡᠯ᠎ᠡ ᠵᠦᠢᠯ ᠤᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠤᠲᠠᠭᠳᠠᠯ ᠢᠶᠠᠨ ᠬᠦᠴᠦᠯᠡᠨ ᠪᠠᠶᠢᠴᠠᠭᠠᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ︽ᠵᠢᠷᠭᠤᠭᠠᠨ ᠣᠨᠴᠠ ᠵᠢᠷᠭᠤᠭᠠᠨ ᠲᠤᠰᠬᠠᠢ ᠪᠠᠶᠢᠬᠤ︾ ᠠᠵᠢᠯ ᠤᠨ ᠠᠷᠭ᠎ᠠ ᠬᠡᠮᠵᠢᠶ᠎ᠡ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ᠂ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ︽ᠨᠢᠭᠡ ᠶᠠᠪᠤᠳᠠᠯ︾ ᠤᠨ ᠪᠦᠬᠦ ᠬᠡᠯᠬᠢᠶ᠎ᠡ ᠶᠢᠨ ᠠᠮᠤᠷ ᠲᠦᠪᠰᠢᠨ ᠢ ᠴᠡᠭᠴᠡᠯᠡᠨ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠬᠠᠲᠤᠨ ᠭᠤᠤᠯ ᠤᠨ ᠠᠮᠤᠷ ᠲᠦᠪᠰᠢᠨ᠂ ᠠᠭᠤᠯᠠᠨ ᠦᠶᠡᠷ ᠤᠨ ᠭᠠᠮᠰᠢᠭ᠂ ᠤᠰᠤᠨ ᠴᠥᠭᠦᠷᠥᠮ ᠤᠨ ᠬᠠᠮᠢᠶᠠᠷᠤᠯᠲᠠ᠂ ᠬᠤᠲᠠ ᠪᠠᠯᠭᠠᠰᠤᠨ ᠤ ᠤᠰᠤᠲᠤᠯ᠂ ᠵᠠᠰᠠᠮᠠᠯ ᠵᠠᠮ ᠲᠡᠮᠦᠷ ᠵᠠᠮ᠂ ᠭᠠᠩ ᠤᠰᠤᠲᠤᠯ ᠤᠨ ᠭᠠᠮᠰᠢᠭ ᠵᠡᠷᠭᠡ 6 ᠭᠤᠤᠯᠳᠠᠯᠭ᠎ᠠ ᠲᠠᠢ ᠰᠡᠷᠭᠡᠶᠢᠯᠡᠨ ᠠᠷᠭᠠᠴᠠᠬᠤ ᠠᠵᠢᠯ ᠢ ᠰᠠᠶᠢᠲᠤᠷ ᠬᠢᠵᠦ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠰᠠᠨᠠᠭᠠᠴᠢᠯᠠᠭᠠᠲᠤ ᠳᠠᠶᠢᠯᠠᠯᠳᠤᠭᠠᠨ ᠤ ᠢᠯᠠᠯᠲᠠ ᠶᠢ ᠤᠯᠬᠤ ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠲᠤᠰᠬᠠᠶ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠭᠤᠤᠯᠳᠠᠯᠭ᠎ᠠ ᠲᠠᠢ ᠣᠷᠣᠨ ᠪᠦᠰᠡ ᠶᠢᠨ ᠵᠢᠭᠰᠠᠭᠠᠨ ᠪᠠᠶᠢᠴᠠᠭᠠᠬᠤ ᠶᠢ ᠴᠢᠩᠭᠠᠳᠬᠠᠨ᠂ ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠵᠤ᠂ ᠭᠠᠯ ᠤᠨ ᠭᠠᠮᠰᠢᠭ ᠤᠨ ᠠᠳᠡᠯ ᠢ ᠴᠢᠩᠭ᠎ᠠ ᠰᠡᠷᠭᠡᠶᠢᠯᠡᠬᠦ ᠬᠡᠷᠡᠭᠲᠡᠶ᠃      ᠬᠤᠷᠠᠯ ᠠᠴᠠ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠴᠠᠭ ᠢᠮᠠᠭᠲᠠ ᠰᠠᠨᠠᠭ᠎ᠠ ᠠᠮᠤᠷ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠪᠣᠯᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠬᠤ ᠬᠡᠷᠡᠭᠲᠡᠢ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ