4 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠠᠩ ᠬᠤᠩ ᠹᠦ᠋ ᠦᠶᠤᠸᠠᠨ ᠰᠢᠶᠠᠨ ᠳᠤ | ᠬᠦᠷᠴᠦ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ | ᠰᠤᠳᠤᠯᠪᠠ᠃ | ᠢᠨᠳᠡᠷᠲᠦ ᠪᠠᠯᠭᠠᠰᠤᠨ ᠤ ᠣᠷᠴᠢᠯ ᠠᠵᠤ ᠠᠬᠤᠶ ᠶᠢᠨ ᠵᠢᠭᠠᠰᠤ ᠨᠣᠭᠤᠭ᠎ᠠ ᠶᠢᠨ ᠬᠠᠮᠲᠤ ᠣᠷᠣᠰᠢᠬᠤ ᠠᠵᠤ ᠦᠢᠯᠡᠰ ᠤᠨ ᠬᠦᠷᠢᠶᠡᠯᠡᠩ ᠳᠤ᠂ ᠵᠠᠩ ᠬᠤᠩ ᠹᠦ᠋ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ᠂ ᠡᠵᠡᠩᠨᠡᠯᠲᠡ ᠶᠢᠨ ᠵᠠᠭᠪᠤᠷ᠂ ᠵᠢᠱᠢᠭᠰᠡᠨ ᠠᠰᠢᠭ ᠣᠷᠣᠯᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ | ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠤᠷᠢᠳᠴᠢᠯᠠᠨ ᠦᠢᠯᠡᠴᠢᠯᠡᠵᠦ᠂ ᠠᠵᠤ ᠠᠬᠤᠶᠢᠯᠠᠯ ᠤᠨ ᠪᠣᠳᠠᠲᠠᠶ | ᠬᠡᠷᠡᠭᠴᠡᠭᠡ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠬᠢᠵᠦ᠂ ᠲᠥᠷᠥᠯ ᠵᠦᠢᠯ ᠢ ᠲᠦᠷᠭᠡᠨ ᠠᠬᠢᠭᠤᠯᠬᠤ ᠳᠤ ᠬᠦᠴᠦᠨ | ᠨᠡᠮᠡᠷᠢᠯᠡᠬᠦ ᠬᠡᠷᠡᠭᠲᠡᠶ ᠭᠡᠵᠦ ᠱᠠᠭᠠᠷᠳᠠᠪᠠ᠃ | ᠲᠣᠭᠤᠷᠢᠬᠤ ᠪᠠᠯᠭᠠᠰᠤᠨ ᠤ ᠵᠢᠶ ᠭᠤᠸᠠᠩ ᠲᠣᠰᠬᠤᠨ ᠤ ᠲᠦᠮᠡᠨ ᠮᠦ ᠠᠮᠤ ᠪᠤᠳᠠᠭ᠎ᠠ ᠲᠠᠷᠢᠬᠤ ᠬᠦᠷᠢᠶᠡᠯᠡᠩ ᠲᠣᠭᠤᠷᠢᠭ ᠲᠤ᠂ ᠵᠠᠩ ᠬᠤᠩ ᠹᠦ᠋ ᠲᠠᠷᠢᠶᠠᠨ | ᠭᠠᠵᠠᠷ ᠲᠤ ᠬᠦᠷᠴᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ᠂ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠳᠡᠭᠡᠭᠰᠢᠯᠡᠯᠲᠡ᠂ | ᠲᠠᠷᠢᠶᠠᠯᠠᠩ ᠳᠤ ᠬᠤᠯᠪᠣᠭᠳᠠᠬᠤ ᠨᠥᠬᠦᠪᠥᠷᠢ ᠣᠯᠭᠤᠬᠤ᠂ ᠪᠤᠭᠤᠳᠠᠢ ᠲᠠᠷᠢᠬᠤ ᠵᠡᠷᠭᠡ ᠪᠠᠶᠢᠳᠠᠯ ᠢ ᠣᠶᠢᠯᠠᠭᠠᠵᠤ᠂ ᠠᠮᠤ ᠪᠤᠳᠠᠭᠠᠨ ᠤ ᠦᠢᠯᠡᠳᠪᠦᠷᠢᠯᠡᠯ ᠢ ᠪᠦᠬᠦ | ᠬᠦᠴᠦᠨ ᠢᠶᠠᠷ ᠢᠶᠠᠨ ᠰᠠᠶᠢᠲᠤᠷ ᠠᠳᠬᠤᠵᠤ᠂ ᠴᠢᠬᠢ ᠶᠢᠨ ᠪᠠᠶᠢᠳᠠᠯ ᠤᠨ ᠴᠢᠭᠢᠭ ᠤᠨ ᠪᠠᠶᠢᠳᠠᠯ ᠢ ᠨᠢᠭᠲᠠ ᠠᠩᠬᠠᠷᠴᠤ᠂ ᠬᠠᠪᠤᠷ ᠤᠨ ᠤᠯᠠᠷᠢᠯ ᠤᠨ ᠲᠠᠷᠢᠶᠠᠨ | ᠭᠠᠵᠠᠷ ᠤᠨ ᠬᠠᠮᠢᠶᠠᠷᠤᠯᠲᠠ ᠶᠢᠨ ᠮᠡᠷᠭᠡᠵᠢᠯ ᠤᠨ ᠵᠢᠯᠤᠭᠤᠳᠤᠯᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠣᠨᠴᠠᠭᠠᠢ ᠴᠠᠭ ᠠᠭᠤᠷ ᠤᠨ ᠲᠠᠷᠢᠶᠠᠯᠠᠩ ᠤᠨ | ᠦᠢᠯᠡᠳᠪᠦᠷᠢᠯᠡᠯ ᠳᠤ ᠦᠵᠡᠭᠦᠯᠬᠦ ᠠᠰᠢᠭ ᠦᠭᠡᠢ ᠨᠥᠯᠥᠭᠡ ᠶᠢ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠵᠦ᠂ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠵᠤ | ᠡᠯᠪᠡᠭ ᠬᠤᠷᠢᠶᠠᠯᠲᠠ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠰᠢᠨ ᠭᠦᠩ ᠵᠦᠩ ᠪᠠᠯᠭᠠᠰᠤᠨ ᠤ ᠶᠦᠩ ᠯᠢᠶᠠᠨ ᠲᠣᠰᠬᠤᠨ ᠤ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠳᠤ᠂ ᠵᠠᠩ ᠬᠤᠩ ᠹᠦ᠋ | ᠲᠦᠬᠦᠭᠡᠷᠦᠮᠵᠢᠲᠦ ᠲᠠᠷᠢᠶᠠᠯᠠᠩ ᠤᠨ ᠥᠭᠡᠷᠡᠴᠢᠯᠡᠯᠲᠡ ᠪᠣᠯᠤᠨ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ | ᠰᠢᠨᠵᠢᠯᠡᠬᠦ ᠤᠬᠠᠭᠠᠨ ᠮᠡᠷᠭᠡᠵᠢᠯ ᠪᠣᠯᠤᠨ ᠴᠢᠳᠠᠪᠤᠷᠢᠲᠠᠨ ᠤ ᠬᠦᠴᠦᠨ ᠢ ᠦᠷᠭᠦᠯᠵᠢᠯᠡᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ | ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠲᠦᠷᠭᠡᠳᠬᠡᠵᠦ᠂ ᠲᠦᠬᠦᠭᠡᠷᠦᠮᠵᠢᠲᠦ ᠲᠠᠷᠢᠶᠠᠯᠠᠩ ᠤᠨ ᠬᠡᠪᠴᠢᠶ᠎ᠡ ᠶᠢ ᠥᠷᠭᠡᠳᠬᠡᠵᠦ᠂ ᠬᠤᠵᠢᠷᠯᠢᠭ ᠭᠠᠵᠠᠷ ᠢ | ᠶᠡᠷᠦᠩᠬᠡᠶᠢᠯᠡᠨ ᠨᠡᠭᠡᠭᠡᠨ ᠠᠰᠢᠭᠯᠠᠬᠤ ᠲᠦᠪᠰᠢᠨ ᠢ ᠳᠡᠭᠡᠭᠰᠢᠯᠡᠭᠦᠯᠵᠦ᠂ ᠮᠦ ᠪᠦᠷᠢ ᠶᠢᠨ ᠳᠤᠮᠳᠠᠴᠢ ᠦᠷ᠎ᠡ ᠠᠰᠢᠭ ᠢ ᠦᠨᠡᠨᠬᠦ ᠳᠡᠭᠡᠭᠰᠢᠯᠡᠭᠦᠯᠬᠦ ᠬᠡᠷᠡᠭᠲᠡᠶ ᠭᠡᠵᠦ | ᠱᠠᠭᠠᠷᠳᠠᠪᠠ᠃ | ᠶᠢᠨ ᠮᠠᠢ ᠶᠢ ᠳᠡᠭᠡᠭᠰᠢᠯᠡᠭᠦᠯᠬᠦ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ᠂ ᠵᠠᠩ ᠬᠤᠩ ᠹᠦ᠋ ᠠᠵᠤ ᠠᠬᠤᠶᠢᠯᠠᠯ ᠤᠨ ᠦᠢᠯᠡᠳᠬᠦᠨ ᠤ | ᠦᠢᠯᠡᠳᠪᠦᠷᠢᠯᠡᠯ᠂ ᠰᠤᠳᠤᠯᠤᠨ ᠨᠡᠭᠡᠭᠡᠯᠲᠡ᠂ ᠪᠣᠷᠣᠯᠠᠭᠤᠯᠭ᠎ᠠ ᠶᠢᠨ ᠪᠠᠶᠢᠳᠠᠯ ᠢ ᠣᠶᠢᠯᠠᠭᠠᠵᠤ᠂ ᠠᠵᠤ ᠠᠬᠤᠶᠢᠯᠠᠯ ᠢ ᠲᠠᠷᠢᠶᠠᠯᠠᠩ ᠤᠨ ᠮᠠᠰᠢᠨ ᠲᠠᠷᠢᠶᠠᠯᠠᠩ ᠤᠨ | ᠮᠡᠷᠭᠡᠵᠢᠯ ᠤᠨ ᠠᠭᠤᠰᠤᠯᠴᠠᠯ ᠤᠨ ᠰᠢᠨ᠎ᠡ ᠶᠢ ᠡᠭᠦᠳᠬᠦ ᠶᠢ ᠦᠷᠭᠦᠯᠵᠢᠯᠡᠨ ᠴᠢᠩᠭᠠᠳᠬᠠᠵᠤ᠂ ᠨᠡᠩ ᠤᠯᠠᠨ ᠣᠶᠤᠨᠴᠢ ᠥᠨᠳᠥᠷ ᠪᠦᠲᠦᠮᠵᠢᠲᠡᠢ ᠦᠢᠯᠡᠳᠬᠦᠨ | ᠭᠠᠷᠭᠠᠵᠤ᠂ ᠲᠠᠷᠢᠶᠠᠯᠠᠩ ᠤᠨ ᠮᠠᠰᠢᠨᠴᠢᠯᠠᠯᠲᠠ᠂ ᠬᠡᠪᠴᠢᠶᠡᠵᠢᠭᠰᠡᠨ ᠬᠥᠭᠵᠢᠯᠲᠡ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ | ᠵᠣᠷᠢᠭᠵᠢᠭᠤᠯᠪᠠ᠃ | ᠱᠧᠩ ᠹᠧᠩ ᠪᠠᠯᠭᠠᠰᠤᠨ ᠤ ᠳ᠋ᠧᠩᠯᠦ ᠶᠢᠨ ᠤᠯᠠᠭᠠᠨ ᠬᠡᠮᠬᠡ ᠶᠢᠨ ᠠᠵᠤ ᠦᠢᠯᠡᠰ ᠤᠨ ᠬᠦᠷᠢᠶᠡᠯᠡᠩ ᠳᠤ᠂ ᠵᠠᠩ ᠬᠤᠩ ᠹᠦ᠋ ᠲᠠᠷᠢᠮᠠᠯ ᠤᠨ ᠤᠷᠭᠤᠴᠠ ᠶᠢᠨ | ᠪᠠᠶᠢᠳᠠᠯ ᠢ ᠪᠠᠶᠢᠴᠠᠭᠠᠨ ᠦᠵᠡᠵᠦ᠂ ᠲᠠᠷᠢᠮᠠᠯ ᠤᠨ ᠡᠷᠦᠬᠡ ᠲᠠᠢ ᠳᠣᠲᠣᠨᠣ ᠪᠠᠷ ᠶᠠᠷᠢᠯᠴᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠬᠤᠳᠠᠯᠳᠤᠨ ᠠᠪᠬᠤ | ᠦᠨ᠎ᠡ ᠬᠠᠩᠰᠢ᠂ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠬᠦᠷᠲᠡᠬᠦ᠂ ᠣᠷᠣᠯᠭ᠎ᠠ ᠵᠡᠷᠭᠡ ᠪᠠᠶᠢᠳᠠᠯ ᠢ ᠬᠠᠯᠠᠮᠵᠢᠯᠠᠨ ᠠᠰᠠᠭᠤᠵᠤ᠂ ᠵᠠᠰᠠᠭ ᠤᠨ ᠣᠷᠳᠣᠨ ᠤ | ᠠᠵᠢᠯ ᠪᠣᠯᠤᠨ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ ᠲᠤᠬᠠᠶ ᠣᠯᠠᠨ ᠤ ᠰᠠᠨᠠᠯ ᠰᠠᠨᠠᠭᠤᠯᠭ᠎ᠠ ᠶᠢ ᠰᠣᠨᠣᠰᠪᠠ᠃ ᠲᠡᠷᠡ ᠤᠯᠠᠨ ᠢ ᠤᠨᠴᠠᠯᠢᠬᠳᠤ ᠠᠵᠤ | ᠦᠢᠯᠡᠰ ᠢ ᠰᠠᠶᠢᠲᠤᠷ ᠬᠥᠭᠵᠢᠭᠦᠯᠵᠦ᠂ ᠠᠵᠤ ᠦᠢᠯᠡᠰ ᠤᠨ ᠬᠡᠪᠴᠢᠶ᠎ᠡ᠂ ᠲᠦᠷᠦᠯ ᠲᠡᠮᠳᠡᠭ ᠢ ᠡᠭᠦᠳᠬᠦ ᠪᠠ ᠦᠢᠯᠡᠳᠬᠦᠨ ᠤ ᠡᠵᠡᠩᠨᠡᠨ ᠪᠣᠷᠣᠯᠠᠭᠤᠯᠬᠤ ᠲᠠᠯ᠎ᠠ ᠪᠠᠷ | ᠢᠯᠡᠭᠦᠬᠡᠨ ᠬᠦᠴᠦ ᠣᠷᠣᠭᠤᠯᠵᠤ᠂ ᠲᠠᠷᠢᠮᠠᠯ ᠤᠨ ᠠᠰᠢᠭ ᠣᠷᠣᠯᠭ᠎ᠠ ᠶᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ ᠭᠡᠵᠦ ᠵᠠᠬᠢᠪᠠ᠃ | |