ᠡᠨᠡ ᠵᠢᠯ ᠤᠨ 4 ᠰᠠᠷ᠎ᠠ ᠶᠢᠨ 15 ᠤ ᠡᠳᠦᠷ ᠪᠣᠯ ᠠᠷᠪᠠᠳᠤᠭᠠᠷ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠪᠣᠯᠤᠨ᠎ᠠ᠃ | ᠲᠤᠬᠠᠶ ᠶᠢᠨ ᠡᠳᠦᠷ᠂ ᠮᠠᠨ ᠤ ᠬᠤᠲᠠ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢᠨ ᠭᠤᠤᠯ ᠰᠡᠳᠦᠪᠲᠦ ᠴᠡᠴᠡᠷᠯᠢᠭ ᠲᠤ ︽4 · 15︾ ᠤ ᠪᠥᠬᠦ | ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠲᠥᠪᠯᠡᠷᠡᠩᠭᠦᠶ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠤᠯᠤᠰ ᠤᠨ ᠠᠮᠤᠷ ᠲᠦᠪᠰᠢᠨ ᠤ ᠭᠤᠤᠯ ᠤᠬᠠᠭᠤᠯᠭ᠎ᠠ ᠶᠢᠨ ᠲᠣᠭᠤᠷᠢᠭ ︵ᠤᠯᠤᠰ ᠤᠨ ᠭᠠᠵᠠᠷ ᠰᠢᠷᠣᠶ ᠶᠢᠨ | ᠠᠮᠤᠷ ᠲᠦᠪᠰᠢᠨ᠂ ᠬᠢᠯᠢ ᠶᠢᠨ ᠠᠮᠤᠷ ᠲᠦᠪᠰᠢᠨ᠂ ᠴᠡᠷᠢᠭ ᠤᠨ ᠶᠠᠪᠤᠳᠠᠯ ᠤᠨ ᠠᠮᠤᠷ ᠲᠦᠪᠰᠢᠨ᠂ ᠲᠤᠭ᠎ᠠ ᠪᠠᠷᠢᠮᠲᠠ ᠪᠠ ᠭᠠᠳᠠᠭᠠᠳᠤ ᠶᠢᠨ ᠠᠰᠢᠭ ᠲᠤᠰᠠ ᠶᠢᠨ | ᠠᠮᠤᠷ ᠲᠦᠪᠰᠢᠨ ᠤ ᠤᠬᠠᠭᠤᠯᠭ᠎ᠠ ᠶᠢᠨ ᠲᠣᠭᠤᠷᠢᠭ︶᠂ ᠤᠯᠤᠰ ᠲᠥᠷᠥ ᠶᠢᠨ ᠠᠮᠤᠷ ᠲᠦᠪᠰᠢᠨ ᠤ ᠤᠬᠠᠭᠤᠯᠭ᠎ᠠ ᠶᠢᠨ ᠲᠣᠭᠤᠷᠢᠭ᠂ ᠨᠡᠶᠢᠭᠡᠮ ᠤᠨ ᠠᠮᠤᠷ | ᠲᠦᠪᠰᠢᠨ ᠤ ᠤᠬᠠᠭᠤᠯᠭ᠎ᠠ ᠶᠢᠨ ᠲᠣᠭᠤᠷᠢᠭ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠶᠢᠨ | ᠲᠣᠭᠤᠷᠢᠭ᠂ ᠠᠵᠤ ᠠᠬᠤᠶ ᠶᠢᠨ ᠠᠮᠤᠷ ᠲᠦᠪᠰᠢᠨ᠂ ᠡᠳ᠋ ᠤᠨ ᠵᠠᠰᠠᠭ ᠪᠠ ᠮᠥᠩᠭᠦᠨ ᠭᠦᠢᠯᠭᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠲᠣᠭᠤᠷᠢᠭ᠂ ᠰᠣᠶᠣᠯ | ᠪᠠ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠲᠣᠭᠤᠷᠢᠭ᠂ ᠰᠢᠨᠵᠢᠯᠡᠬᠦ ᠤᠬᠠᠭᠠᠨ ᠮᠡᠷᠭᠡᠵᠢᠯ ᠪᠠ ᠠᠮᠢᠳᠤ ᠪᠣᠳᠠᠰ ᠤᠨ ᠠᠮᠤᠷ ᠲᠦᠪᠰᠢᠨ ᠤ | ᠤᠬᠠᠭᠤᠯᠭ᠎ᠠ ᠶᠢᠨ ᠲᠣᠭᠤᠷᠢᠭ᠂ ᠠᠮᠢ ᠠᠬᠤᠶ ᠪᠠ ᠡᠬᠢ ᠪᠠᠶᠠᠯᠢᠭ ᠤᠨ ᠠᠮᠤᠷ ᠲᠦᠪᠰᠢᠨ ᠤ ᠤᠬᠠᠭᠤᠯᠭ᠎ᠠ ᠶᠢᠨ ᠲᠣᠭᠤᠷᠢᠭ ᠵᠡᠷᠭᠡ ᠦᠵᠡᠭᠦᠯᠦᠯᠭᠡ ᠶᠢᠨ ᠲᠣᠭᠤᠷᠢᠭ ᠢ | ᠳᠣᠭᠢᠷᠠᠭᠤᠯᠵᠤ᠂ ᠬᠤᠲᠠ᠂ ᠲᠣᠭᠤᠷᠢᠭ ᠬᠤᠶᠠᠷ ᠱᠠᠲᠤᠨ ᠤ 100 ᠭᠠᠷᠤᠶ ᠰᠠᠯᠠᠭ᠎ᠠ ᠮᠥᠴᠢᠷ᠂ ᠨᠢᠭᠡᠴᠢ ᠶᠢᠨ ᠠᠵᠢᠯᠲᠠᠨ ᠢᠶᠠᠷ ᠪᠦᠷᠢᠯᠳᠦᠭᠰᠡᠨ ᠰᠠᠶᠢᠨ ᠳᠤᠷ᠎ᠠ ᠶᠢᠨ | ᠠᠵᠢᠯᠯᠠᠭᠴᠢ ᠶᠢᠨ ᠡᠩᠨᠡᠭᠡ ᠦᠵᠡᠭᠦᠯᠭᠡ ᠶᠢᠨ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠮᠠᠲ᠋ᠧᠷᠢᠶᠠᠯ ᠪᠠ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠠᠰᠠᠭᠤᠯᠲᠠ ᠬᠠᠷᠢᠭᠤᠯᠲᠠ ᠵᠡᠷᠭᠡ ᠬᠡᠯᠪᠡᠷᠢ ᠪᠠᠷ ᠳᠠᠮᠵᠢᠭᠤᠯᠤᠨ᠂ ᠤᠯᠤᠰ ᠤᠨ ᠠᠮᠤᠷ ᠲᠦᠪᠰᠢᠨ ᠤ ᠬᠠᠮᠢᠶ᠎ᠠ ᠪᠥᠬᠦᠶ ᠬᠠᠤᠯᠢ ᠴᠠᠭᠠᠵᠠ | ᠬᠠᠤᠯᠢ ᠲᠣᠭᠲᠠᠭᠠᠯ ᠢ ᠲᠥᠪᠯᠡᠷᠡᠭᠦᠯᠦᠨ ᠤᠬᠠᠭᠤᠯᠪᠠ᠃ | ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠯᠠᠨ | ᠶᠠᠩᠵᠤ ᠶᠢᠨ ᠬᠡᠯᠪᠡᠷᠢ ᠲᠠᠢ᠂ ᠪᠠᠶᠠᠯᠢᠭ ᠠᠭᠤᠯᠭ᠎ᠠ ᠲᠠᠢ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠲᠥᠯᠥᠪᠵᠢᠭᠦᠯᠵᠦ᠂ ᠤᠯᠤᠰ ᠤᠨ ᠠᠮᠤᠷ ᠲᠦᠪᠰᠢᠨ ᠤ | ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠵᠤ᠂ ︽ᠤᠯᠤᠰ ᠤᠨ ᠠᠮᠤᠷ ᠲᠦᠪᠰᠢᠨ ᠳᠤ ᠬᠥᠮᠦᠨ ᠪᠦᠬᠦᠨ ᠬᠠᠷᠢᠭᠤᠴᠠᠯᠭ᠎ᠠ ᠲᠠᠢ︾ | ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃ | |