4 ᠰᠠᠷ᠎ᠠ ᠶᠢᠨ 16 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠠᠩ ᠬᠤᠩ ᠹᠦ᠋ ᠯᠢᠨ ᠾᠧ ᠳᠤ ᠮᠣᠩᠭᠤᠯ | ᠤᠯᠤᠰ ᠤᠨ ᠡᠮᠦᠨᠡᠭᠤᠪᠢ ᠠᠶᠢᠮᠠᠭ ᠤᠨ ᠳᠠᠷᠤᠭ᠎ᠠ ᠡᠩᠬᠡᠪᠠᠲᠤ ᠨᠠᠷ ᠲᠠᠢ ᠠᠭᠤᠯᠵᠠᠭᠰᠠᠨ ᠪᠥᠭᠡᠳ ᠥᠪᠥᠷ ᠮᠣᠩᠭᠤᠯ ᠤᠨ ᠨᠠᠭᠤᠷ ᠤᠨ ᠣᠯᠠᠨ ᠤᠯᠤᠰ ᠤᠨ ᠠᠷᠠᠯᠵᠢᠶ᠎ᠠ | ︵ᠪᠦᠯᠦᠭᠯᠡᠯ︶ ᠶᠢᠨ ᠬᠢᠵᠠᠭᠠᠷᠲᠤ ᠺᠣᠮᠫᠠᠨᠢ ᠬᠢᠭᠡᠳ ᠮᠣᠩᠭᠤᠯ ᠤᠯᠤᠰ ᠤᠨ ᠲᠠᠪᠤᠨᠲᠣᠯᠣᠭᠠᠢ ᠺᠣᠮᠫᠠᠨᠢ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ | ᠵᠢᠷᠤᠬᠤ ᠶᠢ ᠬᠠᠮᠲᠤ ᠪᠠᠷ ᠭᠡᠷᠡᠴᠢᠯᠡᠪᠡ᠃ | ᠵᠠᠩ ᠬᠤᠩ ᠹᠦ᠋ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠢ ᠲᠥᠯᠥᠭᠡᠯᠡᠨ ᠡᠩᠬᠡᠪᠠᠲᠤ ᠨᠠᠷ ᠤᠨ ᠬᠦᠷᠴᠦ ᠢᠷᠡᠭᠰᠡᠨ ᠢ ᠪᠠᠶᠠᠷᠯᠠᠨ | ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠮᠠᠨ ᠤ ᠬᠤᠲᠠ ᠶᠢᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ᠃ ᠲᠡᠷᠡ᠂ ᠬᠢᠲᠠᠳ ᠮᠣᠩᠭᠤᠯ ᠬᠤᠶᠠᠷ | ᠤᠯᠤᠰ ᠠᠭᠤᠯᠠ ᠤᠰᠤ ᠪᠠᠷ ᠢᠶᠠᠨ ᠵᠠᠯᠭᠠᠯᠳᠤᠵᠤ᠃ ᠪᠠᠶᠠᠨᠨᠠᠭᠤᠷ ᠮᠤᠵᠢ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠬᠤᠶᠠᠷ ᠲᠠᠯ᠎ᠠ ᠪᠠᠷ ᠢᠶᠠᠨ 2006 ᠣᠨ ᠳᠤ ᠨᠥᠬᠦᠷᠰᠡᠭ ᠬᠤᠲᠠ ᠪᠠᠶᠢᠭᠤᠯᠤᠭᠰᠠᠨ ᠠᠴᠠ ᠨᠠᠰᠢ᠂ ᠤᠯᠠᠨ ᠤᠳᠠᠭ᠎ᠠ ᠲᠥᠯᠥᠭᠡᠯᠡᠭᠴᠢᠳ ᠤᠨ ᠪᠦᠯᠬᠦᠮ ᠲᠣᠮᠢᠯᠠᠨ | ᠬᠠᠷᠢᠯᠴᠠᠨ ᠠᠶᠢᠯᠴᠢᠯᠠᠵᠤ᠂ ᠠᠭᠤᠯᠤᠭᠳᠠᠬᠤᠨ ᠡᠯᠪᠡᠭ ᠪᠠᠶᠠᠯᠢᠭ᠂ ᠬᠡᠯᠪᠡᠷᠢ ᠤᠯᠠᠨ ᠶᠠᠩᠵᠤ ᠶᠢᠨ ᠨᠥᠬᠦᠷᠰᠡᠭ ᠰᠣᠯᠢᠯᠴᠠᠭᠠᠨ ᠤ ᠠᠵᠢᠯᠯᠠᠭ᠎ᠠ ᠶᠢ ᠥᠷᠨᠢᠭᠦᠯᠵᠦ᠂ | ᠨᠥᠬᠦᠷᠯᠡᠯ ᠢᠶᠠᠨ ᠵᠤᠵᠠᠭᠠᠳᠬᠠᠵᠤ᠂ ᠬᠠᠮᠲᠤᠷᠠᠯᠴᠠᠭᠠᠨ ᠤ ᠶᠠᠪᠤᠯᠴᠠᠭ᠎ᠠ ᠪᠠᠨ ᠭᠦᠨᠵᠡᠭᠡᠶᠢᠷᠡᠭᠦᠯᠪᠡ᠃ ᠮᠠᠨ ᠤ ᠬᠤᠲᠠ ᠳᠤᠷᠠᠲᠠᠶ᠎ᠠ ᠡᠮᠦᠨᠡᠭᠤᠪᠢ ᠠᠶᠢᠮᠠᠭ ᠯᠤᠭ᠎ᠠ | ᠤᠯᠤᠯᠴᠠᠭ᠎ᠠ ᠵᠣᠯᠭᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠪᠣᠭᠤᠮᠲᠠ ᠪᠠᠷ ᠥᠩᠭᠡᠷᠡᠬᠦ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ᠂ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠬᠢᠯᠢ ᠠᠯᠤᠰᠯᠠᠭᠰᠠᠨ ᠵᠢᠭᠤᠯᠴᠢᠯᠠᠯ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠮᠲᠤᠷᠠᠯᠴᠠᠭ᠎ᠠ᠂ | ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ ᠡᠷᠡᠭᠦᠯ ᠬᠠᠮᠠᠭᠠᠯᠠᠯ ᠵᠡᠷᠭᠡ ᠬᠦᠷᠢᠶᠡᠨ ᠳᠤ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠬᠠᠮᠵᠢᠯᠴᠠᠨ ᠬᠥᠭᠵᠢᠬᠦ᠂ | ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ ᠪᠡᠶᠡᠯᠡᠭᠦᠯᠵᠦ᠂ ᠳᠤᠮᠳᠠᠳᠤ ᠮᠣᠩᠭᠤᠯ ᠤᠨ ᠨᠥᠬᠦᠷᠰᠡᠭ ᠬᠠᠮᠲᠤᠷᠠᠯᠴᠠᠭ᠎ᠠ ᠳᠤ ᠪᠠᠲᠤ ᠪᠠᠬᠢ ᠰᠠᠭᠤᠷᠢ | ᠲᠠᠯᠪᠢᠵᠤ ᠥᠭᠭᠦᠨ᠎ᠡ ᠭᠡᠵᠦ ᠢᠯᠡᠳᠬᠡᠪᠡ᠃ | ᠡᠩᠬᠡᠪᠠᠲᠤ ᠬᠡᠯᠡᠬᠦ ᠳᠤ ᠪᠠᠨ᠂ ᠪᠠᠶᠠᠨᠨᠠᠭᠤᠷ ᠬᠤᠲᠠ ᠨᠢ ᠡᠮᠦᠨᠡᠭᠤᠪᠢ ᠠᠶᠢᠮᠠᠭ ᠲᠠᠢ ᠨᠢᠭᠲᠠ ᠨᠠᠶᠢᠷᠰᠠᠭ ᠬᠠᠮᠲᠤ ᠶᠢᠨ ᠠᠵᠢᠯᠯᠠᠭᠠᠨ ᠤ ᠬᠠᠷᠢᠯᠴᠠᠭ᠎ᠠ ᠪᠠᠨ | ᠪᠠᠷᠢᠮᠲᠠᠯᠠᠭᠰᠠᠭᠠᠷ ᠢᠷᠡᠭᠰᠡᠨ ᠪᠥᠭᠡᠳ ᠰᠡᠭᠦᠯ ᠤᠨ ᠵᠢᠯ ᠤᠳ ᠲᠤ ᠬᠤᠶᠠᠷ ᠲᠠᠯ᠎ᠠ ᠪᠠᠷ ᠢᠶᠠᠨ ᠡᠳ᠋ ᠤᠨ ᠵᠠᠰᠠᠭ ᠤᠨ ᠨᠡᠭᠡᠭᠡᠯᠲᠡ᠂ ᠬᠤᠶᠠᠷ ᠲᠠᠯ᠎ᠠ ᠶᠢᠨ ᠬᠤᠳᠠᠯᠳᠤᠭ᠎ᠠ | ᠵᠡᠷᠭᠡ ᠲᠠᠯ᠎ᠠ ᠪᠠᠷ ᠮᠡᠳᠡᠭᠳᠡᠮ᠎ᠡ ᠦᠷ᠎ᠡ ᠳᠦᠩ ᠳᠤ ᠬᠦᠷᠦᠭᠰᠡᠨ ᠪᠠᠶᠢᠨ᠎ᠠ ᠭᠡᠵᠡᠢ᠃ ᠲᠤᠰ ᠤᠳᠠᠭ᠎ᠠ ᠶᠢᠨ ᠠᠶᠢᠯᠴᠢᠯᠠᠯᠲᠠ ᠪᠠᠷ ᠠᠵᠠ ᠲᠣᠬᠢᠶᠠᠯ ᠪᠣᠯᠭᠠᠵᠤ᠂ ᠬᠤᠶᠠᠷ | ᠲᠠᠯ᠎ᠠ ᠶᠢᠨ ᠬᠠᠮᠲᠤᠷᠠᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠠᠵᠤ ᠠᠬᠤᠢ ᠠᠷᠠᠯᠵᠢᠶᠠᠨ ᠤ ᠶᠠᠪᠤᠯᠴᠠᠭ᠎ᠠ᠂ ᠬᠥᠳᠡᠭᠡ ᠠᠵᠤ ᠠᠬᠤᠢ ᠶᠢᠨ ᠠᠵᠤ ᠦᠢᠯᠡᠰ᠂ | ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠰᠠᠭᠤᠷᠢ ᠲᠥᠬᠦᠭᠡᠷᠦᠮᠵᠢ ᠶᠢᠨ | ᠪᠦᠳᠦᠭᠡᠨ ᠪᠠᠶᠢᠭᠤᠯᠤᠯᠲᠠ᠂ ᠰᠣᠶᠣᠯ ᠰᠤᠷᠭᠠᠨ ᠬᠥᠮᠦᠵᠢᠯ ᠵᠡᠷᠭᠡ ᠬᠦᠷᠢᠶᠡᠨ ᠳᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠠᠬᠢᠭᠤᠯᠵᠤ᠂ ᠨᠡᠩ ᠤᠯᠠᠨ | ᠦᠷ᠎ᠡ ᠪᠦᠲᠦᠮᠵᠢ ᠣᠯᠵᠤ᠂ ᠬᠤᠶᠠᠷ ᠭᠠᠵᠠᠷ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠪᠣᠯᠤᠨ ᠨᠥᠬᠦᠷᠰᠡᠭ ᠬᠠᠷᠢᠯᠴᠠᠭᠠᠨ ᠤ ᠲᠦᠪᠰᠢᠨ ᠢ ᠦᠷᠭᠦᠯᠵᠢᠯᠡᠨ | ᠳᠡᠭᠡᠭᠰᠢᠯᠡᠭᠦᠯᠵᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠬᠥᠭᠵᠢᠯᠲᠡ ᠶᠢ ᠬᠠᠮᠲᠤ ᠪᠠᠷ ᠴᠢᠷᠮᠠᠶᠢᠨ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ | ᠭᠠᠷᠭᠠᠪᠠ᠃ | |